ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠱᠢᠨ᠎᠎ᠡ ᠲᠢᠲᠢᠮᠯᠢᠭ ᠠᠭᠤᠰᠬᠢᠨ ᠦᠷᠪᠢᠰᠦᠯ᠎ᠦ᠋ᠨ ᠸᠠᠺᠼᠢᠨ᠎ᠤ᠋ ᠲᠠᠷᠢᠯᠭ᠎ᠠ ᠲᠠᠷᠢᠵᠤ ᠡᠭᠡᠯᠢᠯᠡᠭᠡ᠎ᠶ᠋ᠢᠨ ᠬᠠᠯᠬᠠᠪᠴᠢ᠎ᠶ᠋ᠢ ᠪᠠᠢᠭᠤᠯᠤᠶ᠎ᠠ

2021-12-31 15:58:34

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

12 ᠰᠠᠷ᠎ᠠ᠎ᠶ᠋ᠢᠨ 27᠎ᠤ ᠡᠳᠦᠷ᠂ ᠠᠷᠠᠪ᠎ᠤᠨ ᠬᠣᠯᠪᠣᠭᠠᠲᠤ ᠠᠬᠠᠮᠠᠳᠳᠤ ᠤᠯᠤᠰ᠎ᠤᠨ ᠡᠷᠡᠭᠦᠯ ᠬᠠᠮᠠᠭᠠᠯᠠᠯ ᠪᠠ ᠤᠷᠢᠳᠴᠢᠯᠠᠨ ᠰᠡᠷᠭᠡᠢᠯᠡᠬᠦ᠌ ᠶᠠᠮᠤᠨ ᠡᠴᠡ ᠤᠯᠤᠰ᠎ᠤᠨ ᠡᠮ᠎ᠦᠨ ᠪᠦᠯᠦᠭ᠌ᠯᠡᠯ᠎ᠦᠨ ᠳᠤᠮᠳᠠᠳᠤ ᠤᠯᠤᠰ᠎ᠤᠨ ᠠᠮᠢᠳᠤ ᠪᠣᠳᠠᠰ᠎ᠤᠨ ᠬᠣᠶᠠᠳᠤᠭᠠᠷ ᠦᠶ᠎ᠡ᠎ᠶ᠋ᠢᠨ ᠳᠠᠬᠢᠨ ᠨᠡᠢᠯᠡᠬᠦᠯᠦᠭᠰᠡᠨ ᠤᠭᠤᠷᠠᠭ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠸᠠᠺᠼᠢᠨ᠎ᠢ ᠪᠠᠴᠢᠮ ᠬᠡᠷᠡᠭ᠌ᠯᠡᠬᠦ᠌ ᠪᠡᠷ ᠵᠥᠪᠱᠢᠶᠡᠷᠡᠪᠡ᠃ ᠡᠨᠡ ᠪᠣᠯ ᠪᠦᠬᠦ᠌ ᠪᠥᠮᠪᠥᠷᠴᠡᠭ᠎ᠦᠨ ᠠᠩᠬᠠᠳᠠᠭ᠍ᠴᠢ ᠪᠠᠴᠢᠮ ᠬᠡᠷᠡᠭ᠌ᠯᠡᠬᠦ ᠪᠡᠷ ᠵᠥᠪᠱᠢᠶᠡᠷᠡᠭᠰᠡᠨ ᠬᠣᠶᠠᠳᠤᠭᠠᠷ ᠦᠶ᠎ᠡ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠸᠠᠺᠼᠢᠨ ᠪᠣᠯᠤᠨ᠎ᠠ᠃ ᠲᠣᠰ ᠱᠢᠨ᠎ᠡ ᠲᠢᠲᠢᠮᠯᠢᠭ ᠠᠭᠤᠰᠬᠢᠨ ᠦᠷᠪᠢᠰᠤᠯ᠎ᠤᠨ ᠸᠠᠺᠼᠢᠨ᠎ᠨᠢ ᠣᠯᠠᠨ ᠵᠦᠶ᠋ᠯ᠎ᠦᠨ ᠤᠨᠳᠤᠤᠱᠢᠭ᠍ᠰᠠᠨ ᠸᠢᠷᠦ᠋ᠰ ᠲᠸ᠋ ᠴᠢᠭ᠌ᠯᠡᠭᠦᠯᠦᠭ᠌ᠰᠡᠨ ᠲᠡᠯᠭᠡᠷᠡᠩᠭᠦᠢ ᠵᠢᠭ᠍ᠰᠠᠯᠳᠤ ᠬᠠᠮᠠᠭᠠᠯᠠᠯᠲᠠ᠎ᠶ᠋ᠢᠨ ᠦᠶ᠋ᠯᠡᠳᠦᠯ᠎ᠲᠡᠶ ᠪᠠᠢᠳᠠᠭ᠃

ᠳᠠᠬᠢᠨ ᠨᠡᠢᠯᠡᠬᠦᠯᠦᠭᠰᠡᠨ ᠤᠭᠤᠷᠠᠭ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠸᠠᠺᠼᠢᠨ᠎ᠢ ᠳᠤᠮᠳᠠᠳᠤ ᠤᠯᠤᠰ᠎ᠤᠨ ᠠᠮᠢᠳᠤ ᠪᠣᠳᠠᠰ᠎ᠤᠨ ᠰᠤᠳᠤᠯᠭᠠᠨ᠎ᠤ ᠬᠦᠷᠢᠶᠡᠯᠡᠩ᠎ᠦᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠦᠯᠬᠦᠮ ᠡᠴᠡ ᠰᠤᠳᠤᠯᠤᠨ ᠪᠦᠳᠦᠬᠡᠵᠦ᠂ ᠪᠡᠶ᠎ᠡ᠎ᠪᠡᠨ ᠳᠠᠭᠠᠭᠠᠵᠤ ᠡᠵᠡᠨ ᠮᠡᠳᠡᠭ᠌ᠰᠡᠨ ᠮᠡᠳᠡᠯᠭᠡ᠎ᠶ᠋ᠢᠨ ᠪᠦᠲᠦᠭᠡᠭ᠌ᠳᠡᠬᠦᠨ᠎ᠦ ᠥᠮᠴᠢᠯᠡᠬᠦ᠌ ᠡᠷᠬᠡ᠎ᠲᠡᠶ᠃ ᠰᠤᠳᠤᠯᠭᠠᠨ᠎ᠤ ᠪᠦᠯᠬᠦᠮ᠎ᠦᠨ ᠬᠢᠨ ᠨᠢᠭᠡᠳᠦᠭᠡᠷ ᠦᠶ᠎ᠡ᠎ᠶ᠋ᠢᠨ ᠳᠠᠬᠢᠨ ᠨᠡᠢᠯᠡᠬᠦᠯᠦᠭᠰᠡᠨ ᠤᠭᠤᠷᠠᠭ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠸᠠᠺᠼᠢᠨ᠎ᠤ ᠰᠠᠭᠤᠷᠢᠨ ᠳᠡᠭᠡᠷ᠎ᠡ᠂ ᠡᠯ᠎ᠡ ᠵᠦᠶ᠋ᠯ᠎ᠦᠨ ᠤᠨᠳᠤᠤᠱᠢᠭ᠍ᠰᠠᠨ ᠸᠢᠷᠦ᠋ᠰ᠎ᠤᠨ ᠡᠭᠡᠯᠢᠯᠡᠭᠡ ᠡᠴᠡ ᠵᠢᠭᠤᠳᠠᠬᠤ ᠴᠢᠳᠠᠪᠤᠷᠢ ᠪᠠ ᠬᠤᠪᠢᠰᠤᠯ᠎ᠤᠨ ᠵᠢᠮ᠎ᠡ ᠬᠠᠤᠯᠢ᠎ᠳᠤ ᠪᠥᠬᠥ᠌ ᠲᠠᠯ᠎ᠠ᠎ᠶ᠋ᠢᠨ ᠵᠠᠳᠠᠯᠤᠯᠲᠠ ᠬᠢᠬᠦ᠌᠎ᠪᠡᠷ ᠳᠠᠮᠵᠢᠨ᠂ ᠬᠣᠶᠠᠳᠤᠭᠠᠷ ᠦᠶ᠎ᠡ᠎ᠶ᠋ᠢᠨ ᠳᠠᠬᠢᠨ ᠨᠡᠢᠯᠡᠬᠦᠯᠦᠭᠰᠡᠨ ᠤᠭᠤᠷᠠᠭ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠸᠠᠺᠼᠢᠨ᠎ᠤ ᠴᠣ ᠱᠢᠨ᠎ᠡ ᠵᠢᠷᠤᠭ ᠲᠥᠯᠥᠪᠯᠡᠭᠡ᠎ᠶᠢ ᠰᠤᠳᠤᠯᠤᠨ ᠪᠦᠳᠦᠬᠡᠭᠰᠡᠨ ᠪᠠᠢᠨ᠎ᠠ᠃ ᠡᠮᠴᠢᠯᠡᠭᠡᠨ᠎ᠡᠴᠡ ᠡᠮᠦᠨᠡᠬᠢ ᠪᠦᠳᠦᠮᠵᠢᠳᠤ ᠴᠢᠨᠠᠷᠲᠠᠶ ᠰᠤᠳᠤᠯᠭᠠᠨ ᠪᠠ ᠠᠩᠬ᠎ᠠ ᠠᠯᠬᠤᠮ᠎ᠤᠨ ᠬᠥᠮᠦᠨ᠎ᠦ ᠪᠡᠶ᠎ᠡ᠎ᠶ᠋ᠢᠨ ᠲᠤᠷᠱᠢᠯᠲᠠ᠎ᠠᠴᠠ ᠦᠵᠡᠪᠡᠯ᠂ ᠬᠣᠶᠠᠳᠤᠭᠠᠷ ᠦᠶ᠎ᠡ᠎ᠶ᠋ᠢᠨ ᠸᠠᠺᠼᠢᠨ᠎ᠨᠢ ᠣᠯᠠᠨ ᠵᠦᠶ᠋ᠯ᠎ᠦᠨ ᠤᠨᠳᠤᠤᠱᠢᠭ᠍ᠰᠠᠨ ᠸᠢᠷᠦ᠋ᠰ ᠲᠸ᠋ ᠥᠷᠭᠡᠨ᠎ᠢᠶᠡᠷ ᠬᠠᠮᠠᠭᠠᠯᠠᠬᠤ ᠳᠠᠯᠳᠠ ᠬᠦᠴᠦᠨ᠎ᠲᠡᠶ ᠪᠠᠢᠵᠤ᠂ ᠣᠳᠣᠬᠠᠨ᠎ᠤ ᠴᠤᠷ᠎ᠤᠨ ᠭᠠᠭ᠍ᠴᠠ ᠪᠠᠴᠢᠮ ᠬᠡᠷᠡᠭ᠌ᠯᠡᠬᠦ᠌᠎ᠪᠡᠷ ᠵᠥᠪᠱᠢᠶᠡᠷᠡᠭ᠌ᠳᠡᠭ᠌ᠰᠡᠨ ᠬᠣᠶᠠᠳᠤᠭᠠᠷ ᠦᠶ᠎ᠡ᠎ᠶ᠋ᠢᠨ ᠸᠠᠺᠼᠢᠨ ᠪᠣᠯᠤᠨ᠎ᠠ᠃


ᠨᠢᠭᠡᠳᠦᠭᠡᠷ ᠦᠶ᠎ᠡ᠎ᠶ᠋ᠢᠨ ᠸᠠᠺᠼᠢᠨ ᠲᠠᠷᠢᠭ᠍ᠰᠠᠨ ᠪᠤᠯ ᠪᠠᠰᠠ ᠬᠣᠶᠠᠳᠤᠭᠠᠷ ᠦᠶ᠎ᠡ᠎ᠶ᠋ᠢᠨ ᠸᠠᠺᠼᠢᠨ ᠲᠠᠷᠢᠬᠤ ᠴᠢᠬᠤᠯᠠᠳᠠᠢ ᠦᠦ?

12 ᠰᠠᠷ᠎ᠠ᠎ᠶ᠋ᠢᠨ 29 ᠪᠤᠯᠳᠠᠯ᠎ᠠ᠂ ᠮᠠᠨ᠎ᠤ ᠤᠯᠤᠰ᠎ᠤᠨ12 ᠳ᠋ᠦᠩᠱᠢᠭᠤᠷ 741.3 ᠲᠦᠮᠡᠨ ᠬᠥᠮᠦᠨ ᠪᠥᠬᠥ᠌ ᠶᠠᠪᠤᠴᠠ᠎ᠵᠢᠨ ᠲᠠᠷᠢᠯᠭ᠎ᠠ ᠬᠢᠬᠦ᠌᠎ᠶ᠋ᠢ ᠪᠡᠶᠡᠯᠡᠭᠦᠯᠵᠦ᠍᠂ ᠪᠥᠬᠥ᠌ ᠤᠯᠤᠰ᠎ᠤᠨ ᠶᠡᠷᠦᠩᠬᠡᠶ ᠬᠥᠮᠦᠨ ᠠᠮᠠ᠎ᠶ᠋ᠢᠨ 85.64% ᠶ᠋ᠢ ᠡᠵᠡᠯᠡᠪᠡ ᠭᠡᠵᠡᠢ᠃

ᠣᠢᠯᠠᠭᠠᠭ᠍ᠰᠠᠨ᠎ᠢᠶᠠᠷ᠂ ᠪᠠᠴᠢᠮ ᠬᠡᠷᠡᠭ᠌ᠯᠡᠬᠦ᠌᠎ᠶ᠋ᠢ ᠵᠥᠪᠱᠢᠶᠡᠷᠡᠭ᠌ᠰᠡᠨ ᠠᠷᠠᠪ᠎ᠤᠨ ᠬᠣᠯᠪᠣᠭᠠᠲᠤ ᠠᠬᠠᠮᠠᠳᠲᠤ ᠤᠯᠤᠰ᠎ᠲᠤ᠂ ᠬᠣᠶᠠᠳᠤᠭᠠᠷ ᠦᠶ᠎ᠡ᠎ᠶ᠋ᠢᠨ᠎ᠢ ᠴᠢᠩᠭᠠᠳᠭᠠᠬᠤ ᠲᠠᠷᠢᠯᠭ᠎ᠠ ᠪᠡᠷ ᠭᠡᠷᠡᠭᠯᠡᠵᠦ᠂ ᠨᠢᠭᠡᠨᠲᠡ ᠬᠣᠶᠠᠷ ᠤᠳᠠᠭ᠎ᠠ ᠤᠯᠤᠰ᠎ᠤᠨ ᠡᠮ᠎ᠦᠨ ᠪᠦᠯᠦᠭ᠌ᠯᠡᠯ᠎ᠦᠨ ᠳᠤᠮᠳᠠᠳᠤ ᠤᠯᠤᠰ᠎ᠤᠨ ᠠᠮᠢᠳᠤ ᠪᠣᠳᠠᠰ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠢᠳᠡᠪᠬᠢ ᠥᠬᠡᠢᠳᠡᠭᠦᠯᠦᠭ᠌ᠰᠡᠨ ᠸᠠᠺᠼᠢᠨ᠎ᠢ ᠳᠠᠷᠢᠭᠤᠯᠤᠭ᠍ᠰᠠᠨ ᠬᠥᠮᠦᠰ ᠲᠸ᠋ ᠭᠡᠷᠡᠭᠯᠡᠭᠦ ᠪᠣᠯᠤᠨ᠎ᠠ᠃ ᠲᠤᠰᠬᠠᠢ ᠮᠡᠷᠭᠡᠵᠢᠯᠳᠡᠨ᠎ᠤ ᠦᠵᠡᠬᠦ ᠪᠡᠷ᠂ 《ᠢᠳᠡᠪᠬᠢ ᠦᠬᠡᠢᠳᠡᠬᠦᠯᠦᠭᠰᠡᠨ + ᠳᠠᠬᠢᠨ ᠨᠡᠢᠯᠡᠬᠦᠯᠦᠭᠰᠡᠨ ᠸᠠᠺᠼᠢᠨ》ᠲᠠᠷᠢᠯᠭ᠎ᠠ ᠬᠢᠬᠦ ᠠᠷᠭ᠎ᠠ ᠨᠢ ᠲᠠᠷᠢᠯᠭ᠎ᠠ ᠳᠠᠷᠢᠭᠰᠠᠳ᠎ᠤᠨ ᠡᠬᠡᠯᠢᠯᠡᠬᠡ᠎ᠵᠢᠨ ᠬᠢᠷᠢ ᠳᠦᠪᠰᠢᠨ᠎ᠢ ᠨᠡᠮᠡᠭᠳᠡᠬᠦᠯᠵᠦ᠂ ᠡᠬᠡᠯᠢᠯᠡᠬᠡ ᠲᠠᠢ ᠴᠠᠭ ᠬᠤᠭᠤᠴᠠᠭ᠎ᠠ ᠎ᠶᠢ ᠨᠢ ᠤᠷᠳᠤᠳᠬᠠᠨ᠎ᠠ ᠬᠡᠵᠡᠢ᠃

ᠢᠷᠡᠯᠳᠡ᠄ 《ᠲᠤᠮᠳᠠᠳᠤ ᠤᠯᠤᠰ᠎ᠤᠨ ᠠᠮᠢᠳᠤ ᠪᠤᠳᠠᠰ》 ᠵᠢᠷᠬᠢᠶ᠎ᠠ ᠵᠢᠨ ᠲᠠᠪᠴᠠᠩ


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面