ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠱᠢᠨ᠎᠎ᠡ ᠲᠢᠲᠢᠮᠯᠢᠭ ᠠᠭᠤᠰᠬᠢᠨ ᠦᠷᠪᠢᠰᠦᠯ᠎ᠦ᠋ᠨ ᠸᠠᠺᠼᠢᠨ᠎ᠤ᠋ ᠲᠠᠷᠢᠯᠭ᠎ᠠ ᠲᠠᠷᠢᠵᠤ ᠡᠭᠡᠯᠢᠯᠡᠭᠡ᠎ᠶ᠋ᠢᠨ ᠬᠠᠯᠬᠠᠪᠴᠢ᠎ᠶ᠋ᠢ ᠪᠠᠢᠭᠤᠯᠤᠶ᠎ᠠ

2022-03-17 15:04:21

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠬᠥᠩᠭᠡᠨ ᠡᠪᠡᠳᠴᠢᠲᠡᠨ᠎ᠳᠦ ᠲᠥᠪᠯᠡᠷᠡᠭᠦᠯᠦᠨ ᠲᠤᠰᠠᠭᠠᠷᠯᠠᠵᠤ ᠬᠠᠮᠢᠶᠠᠷᠬᠤ᠎ᠶᠢ ᠬᠡᠷᠡᠭ᠌ᠵᠢᠭᠦᠯᠦᠨ᠎ᠡ

《ᠱᠢᠨ᠎ᠡ ᠬᠡᠯᠪᠡᠷᠢ᠎ᠶᠢᠨ ᠲᠢᠲᠢᠮᠯᠢᠭ ᠸᠢᠷᠦ᠋ᠰ᠎ᠦᠨ ᠠᠭᠤᠰᠭᠢᠨ ᠦᠷᠪᠢᠰᠦᠯ᠎ᠢ ᠣᠨᠣᠱᠢᠯᠠᠨ ᠡᠮᠨᠡᠬᠦ᠌ ᠲᠥᠰᠦᠯ ( ᠲᠤᠷᠱᠢᠨ ᠬᠡᠷᠡᠭ᠌ᠵᠢᠭᠦᠯᠬᠦ᠌ ᠶᠢᠰᠦᠳᠦᠭᠡᠷ ᠬᠡᠪᠯᠡᠯ ) 》᠎ᠢ 15 ᠎ᠤ ᠡᠳᠦᠷ ᠨᠡᠢᠲᠡᠯᠡᠪᠡ᠃ ᠲᠥᠰᠦᠯ᠎ᠳᠦ ᠳᠣᠣᠷᠠᠬᠢ ᠮᠡᠲᠦ ᠲᠣᠬᠢᠷᠠᠭᠤᠯᠤᠯᠲᠠ ᠬᠢᠵᠡᠶ᠄

1.ᠡᠪᠡᠳᠴᠢᠨ᠎ᠦ ᠵᠢᠱ᠌ᠢᠶ᠎ᠡ᠎ᠶᠢ ᠢᠯᠡᠷᠡᠭᠦᠯᠬᠦ᠌ ᠪᠠ ᠮᠡᠳᠡᠭᠦᠯᠬᠦ᠌ ᠳᠡᠰ ᠳᠠᠷᠠᠭᠠᠯᠠᠯ᠎ᠢ ᠱᠢᠯᠢᠳᠡᠭ᠌ᠵᠢᠭᠦᠯᠦᠨ᠎ᠡ︔

2.ᠡᠪᠡᠳᠴᠢᠨ᠎ᠦ ᠵᠢᠱ᠌ᠢᠶ᠎ᠡ᠎ᠶᠢ ᠲᠥᠷᠥᠯ ᠬᠤᠪᠢᠶᠠᠨ ᠭᠥᠯᠢᠶᠡᠨ ᠠᠪᠴᠤ᠌ ᠡᠮᠨᠡᠨ ᠵᠠᠰᠠᠵᠤ᠂ ᠡᠪᠡᠳᠴᠢᠨ᠎ᠦ ᠪᠠᠢᠳᠠᠯ᠎ᠢ᠎ᠨᠢ ᠦᠨᠳᠦᠰᠦᠯᠡᠨ ᠲᠤᠰᠠᠭᠠᠷᠯᠠᠨ ᠬᠠᠮᠢᠶᠠᠷᠬᠤ ᠪᠠ ᠡᠮᠨᠡᠨ ᠵᠠᠰᠠᠬᠤ ᠲᠠᠯᠠᠪᠤᠷ ᠭᠠᠵᠠᠷ ᠳᠤᠬᠢᠷᠠᠭᠤᠯᠵᠤ᠂ ᠬᠥᠩᠭᠡᠨ ᠬᠡᠯᠪᠡᠷᠢ᠎ᠶᠢᠨ ᠡᠪᠡᠳᠴᠢᠨ᠎ᠦ ᠵᠢᠱ᠌ᠢᠶ᠎ᠡ᠎ᠶᠢ ᠲᠥᠪᠯᠡᠷᠡᠭᠦᠯᠦᠨ ᠲᠤᠰᠠᠭᠠᠷᠯᠠᠨ ᠬᠠᠮᠢᠶᠠᠷᠬᠤ᠎ᠶᠢ ᠬᠡᠷᠡᠭ᠌ᠵᠢᠭᠦᠯᠵᠦ᠍᠂ ᠡᠩ᠎ᠦᠨ᠂ ᠬᠦᠨᠳᠦ᠂ ᠬᠦᠨᠳᠦ ᠲᠦᠭ᠌ᠰᠢᠭᠦᠷᠢᠲᠡᠶ ᠡᠪᠡᠳᠴᠢᠨ᠎ᠦ ᠵᠢᠱ᠌ᠢᠶ᠎ᠡ ᠵᠢᠴᠢ ᠬᠦᠨᠳᠦ ᠡᠪᠡᠳᠴᠢᠨ᠎ᠦ ᠦᠨᠳᠦᠷ ᠲᠦᠭ᠌ᠰᠢᠭᠦᠷᠢᠲᠡᠶ ᠬᠦᠴᠦᠨ ᠵᠦᠶ᠋ᠯ᠎ᠲᠡᠶ ᠡᠪᠡᠳᠴᠢᠲᠡᠨ᠎ᠢ ᠲᠣᠭ᠍ᠲᠠᠭ᠍ᠰᠠᠨ ᠡᠮᠨᠡᠯᠭᠡ᠎ᠶᠢᠨ ᠬᠣᠷᠢᠶ᠎ᠠ᠎ᠳᠤ ᠲᠥᠪᠯᠡᠷᠡᠭᠦᠯᠦᠨ ᠡᠮᠨᠡᠨ ᠵᠠᠰᠠᠬᠤ ᠬᠡᠷᠡᠭ᠌ᠲᠡᠶ︔

3.ᠸᠢᠷᠦ᠋ᠰ᠎ᠢ ᠡᠰᠡᠷᠭᠦᠴᠡᠬᠦ᠌ ᠡᠮᠴᠢᠯᠡᠭᠡ᠎ᠶᠢ ᠤᠯᠠᠮ ᠴᠢᠨᠠᠭ᠍ᠰᠢᠳᠠ ᠵᠢᠷᠤᠮᠵᠢᠭᠤᠯᠵᠤ᠂ ᠤᠯᠤᠰ᠎ᠤᠨ ᠡᠮ᠎ᠦᠨ ᠵᠦᠢᠯᠡᠰ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠶᠢᠨ ᠵᠥᠪᠱᠢᠶᠡᠷᠡᠭ᠌ᠰᠡᠨ ᠱᠢᠨ᠎ᠡ ᠲᠢᠲᠢᠮᠯᠢᠭ ᠸᠢᠷᠦ᠋ᠰ᠎ᠢ ᠡᠰᠡᠷᠭᠦᠴᠡᠬᠦ᠌ ᠣᠨᠴᠠᠭᠠᠢ ᠴᠢᠨᠠᠷᠲᠠᠢ ᠬᠣᠶᠠᠷ ᠵᠦᠢᠯ᠎ᠦᠨ ᠡᠮ᠎ᠢ ᠣᠨᠣᠱᠢᠯᠠᠨ ᠡᠮᠨᠡᠬᠦ᠌ ᠲᠥᠰᠦᠯ᠎ᠳᠦ ᠪᠢᠴᠢᠨ ᠣᠷᠣᠭᠤᠯᠤᠨ᠎ᠠ︔

4.ᠬᠢᠲᠠᠳ ᠡᠮᠨᠡᠯᠭᠡ᠎ᠶᠢᠨ ᠡᠮᠨᠡᠨ ᠵᠠᠰᠠᠬᠤ ᠠᠭᠤᠯᠭ᠎ᠠ᠎ᠳᠤ ᠵᠠᠰᠠᠪᠤᠷᠢ ᠣᠷᠣᠭᠤᠯᠵᠤ ᠲᠡᠭᠦᠯᠳᠡᠷᠵᠢᠭᠦᠯᠤᠨ᠎ᠠ ︔

5.ᠲᠤᠰᠠᠭᠠᠷᠯᠠᠬᠤ᠎ᠶᠢ ᠬᠦᠴᠦᠨ ᠦᠭᠡᠶ ᠪᠣᠯᠭᠠᠬᠤ ᠬᠠᠮᠢᠶᠠᠷᠤᠯᠲᠠ᠂ ᠡᠮᠨᠡᠯᠭᠡ᠎ᠡᠴᠡ ᠭᠠᠷᠬᠤ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠵᠦ᠍᠂ ᠡᠪᠡᠳᠴᠢᠲᠡᠨ᠎ᠦ ᠲᠤᠰᠠᠭᠠᠷᠯᠠᠬᠤ᠎ᠶᠢ ᠬᠦᠴᠦᠨ ᠦᠭᠡᠶ ᠪᠣᠯᠭᠠᠬᠤ ᠪᠠ ᠡᠮᠨᠡᠯᠭᠡ᠎ᠡᠴᠡ ᠭᠠᠷᠬᠤ ᠠᠬᠢᠴᠠ᠎ᠶᠢ ᠲᠦᠷᠭᠡᠳᠭᠡᠬᠦ᠌ ᠬᠡᠷᠡᠭ᠌ᠲᠡᠶ︔

6.ᠲᠤᠰᠠᠭᠠᠷᠯᠠᠬᠤ᠎ᠶᠢ ᠬᠦᠴᠦᠨ ᠥᠬᠡᠶ ᠪᠣᠯᠭᠠᠬᠤ ᠬᠠᠮᠢᠶᠠᠷᠤᠯᠲᠠ᠎ᠳᠤ ᠲᠣᠬᠢᠷᠠᠭᠤᠯᠤᠯᠲᠠ ᠬᠢᠵᠦ᠍᠂ ᠡᠮᠨᠡᠯᠭᠡ᠎ᠡᠴᠡ ᠭᠠᠷᠤᠭ᠍ᠰᠠᠨ᠎ᠤ ᠳᠠᠷᠠᠭᠠᠬᠢ ᠠᠩᠬᠠᠷᠬᠤ ᠵᠦᠶ᠋ᠯᠡᠰ᠎ᠲᠦ《ᠡᠮᠨᠡᠯᠭᠡ᠎ᠡᠴᠡ ᠭᠠᠷᠤᠭ᠍ᠰᠠᠨ᠎ᠤ ᠳᠠᠷᠠᠭ᠎ᠠ ᠦᠷᠭᠦᠯᠵᠢᠯᠡᠨ 14 ᠡᠳᠦᠷ ᠲᠤᠰᠠᠭᠠᠷᠯᠠᠬᠤ ᠬᠠᠮᠢᠶᠠᠷᠤᠯᠲᠠ ᠪᠠ ᠡᠷᠡᠭᠦᠯ ᠮᠡᠨᠳᠦ᠍᠎ᠶᠢᠨ ᠪᠠᠢᠳᠠᠯ᠎ᠤᠨ ᠬᠢᠨᠠᠨ ᠬᠡᠮᠵᠢᠯᠲᠡ ᠬᠢᠨ᠎ᠠ》ᠭᠡᠳᠡᠭ᠎ᠢ 《ᠲᠤᠰᠠᠭᠠᠷᠯᠠᠬᠤ ᠬᠠᠮᠢᠶᠠᠷᠤᠯᠲᠠ᠎ᠶᠢ ᠬᠦᠴᠦᠨ ᠥᠬᠡᠶ ᠪᠣᠯᠭᠠᠬᠤ ᠪᠤᠶᠤ ᠡᠮᠨᠡᠯᠭᠡ᠎ᠡᠴᠡ ᠭᠠᠷᠤᠭ᠍ᠰᠠᠨ᠎ᠤ ᠳᠠᠷᠠᠭ᠎ᠠ ᠦᠷᠭᠦᠯᠵᠢᠯᠡᠨ 7 ᠡᠳᠦᠷ ᠬᠡᠷ᠎ᠲᠡᠬᠡᠨ ᠰᠠᠭᠤᠬᠤ ᠡᠷᠡᠭᠦᠯ ᠮᠡᠨᠳᠦ᠍᠎ᠶᠢᠨ ᠬᠢᠨᠠᠨ ᠬᠡᠮᠵᠢᠯᠲᠡ ᠬᠢᠨ᠎ᠠ 》 ᠭᠡᠵᠦ᠍ ᠵᠠᠰᠠᠪᠠ᠃

ᠢᠷᠡᠯᠳᠠ᠄ ᠰᠢᠨᠬᠤᠸᠠ ᠬᠤᠷᠢᠶ᠎ᠠ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠰᠢᠡᠬᠤᠸᠠ ᠬᠤᠷᠢᠶ᠎ᠠ
兼容浏览器的HTML页面