ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠱᠢᠨ᠎᠎ᠡ ᠲᠢᠲᠢᠮᠯᠢᠭ ᠠᠭᠤᠰᠬᠢᠨ ᠦᠷᠪᠢᠰᠦᠯ᠎ᠦ᠋ᠨ ᠸᠠᠺᠼᠢᠨ᠎ᠤ᠋ ᠲᠠᠷᠢᠯᠭ᠎ᠠ ᠲᠠᠷᠢᠵᠤ ᠡᠭᠡᠯᠢᠯᠡᠭᠡ᠎ᠶ᠋ᠢᠨ ᠬᠠᠯᠬᠠᠪᠴᠢ᠎ᠶ᠋ᠢ ᠪᠠᠢᠭᠤᠯᠤᠶ᠎ᠠ

2022-03-17 10:07:06

ᠵᠣᠬᠢᠶᠠᠭ᠍ᠴᠢ᠄ ᠸᠠᠩ ᠶᠠ ᠵᠢᠩ ᠱᠢᠤᠢ ᠶᠤᠸᠠᠢ ᠣᠩᠱᠢᠭ᠍ᠰᠠᠨ ᠣᠳᠠᠭ᠎ᠠ᠄ 3

ᠰᠤᠷᠪᠤᠯᠵᠢᠯᠠᠭ᠍ᠴᠢ 3 ᠰᠠᠷ᠎ᠠ ᠵᠢᠨ 16 ᠤ᠋ ᠡᠳᠦᠷ ᠶᠠᠪᠤᠭ᠍ᠳᠠᠭ᠍ᠰᠠᠨ ᠬᠥᠬᠡᠬᠣᠲᠠ ᠵᠢᠨ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠠᠵᠢᠯ ᠤ᠋ᠨ ᠰᠣᠨᠢᠨ ᠮᠡᠳᠡᠭᠡ ᠨᠡᠢᠲᠡᠯᠡᠬᠦ᠌ ᠬᠤᠷᠠᠯ ᠡᠴᠡ ᠤᠢ᠍ᠢᠯᠠᠭᠠᠭ᠍ᠰᠠᠨ ᠵᠢᠡᠷ᠂ ᠬᠥᠬᠡᠬᠣᠲᠠ ᠸᠠᠺᠼᠢᠨ ᠤ᠋ ᠲᠠᠷᠢᠯᠭ᠎ᠠ ᠲᠠᠷᠢᠬᠤ ᠡᠷᠴᠢᠮ ᠢ᠋ ᠦᠷᠭᠦᠯᠵᠢᠯᠡᠨ ᠴᠢᠩᠭᠠᠷᠠᠭᠤᠯᠵᠤ᠂ ᠸᠠᠺᠼᠢᠨ ᠤ᠋ ᠲᠠᠷᠢᠯᠭ᠎ᠠ ᠲᠠᠷᠢᠬᠤ ᠨᠤᠷᠮ᠎ᠠ ᠵᠢ ᠳᠡᠭᠡᠭ᠌ᠰᠢᠯᠡᠭᠦᠯᠵᠦ᠍᠂ ᠡᠭᠡᠯᠢᠯᠡᠭᠡ ᠵᠢᠨ ᠬᠠᠯᠬᠠᠪᠴᠢ ᠪᠠᠢᠭᠤᠯᠬᠤ ᠵᠢ ᠴᠢᠩᠭᠠᠳᠭᠠᠵᠦ ᠪᠠᠢᠨ᠎ᠠ ᠃

3 ᠰᠠᠷ᠎ᠠ ᠵᠢᠨ 15 ᠤ᠋ ᠡᠳᠦᠷ ᠤ᠋ᠨ 17 ᠴᠠᠭ ᠪᠣᠯᠲᠠᠯ᠎ᠠ᠂ ᠬᠥᠬᠡᠬᠣᠲᠠ ᠳ᠋ᠦ ᠱᠢᠨ᠎ᠡ ᠲᠢᠲᠢᠮᠯᠢᠭ ᠠᠭᠤᠰᠬᠢᠨ ᠦᠷᠪᠢᠰᠦᠯ ᠤ᠋ᠨ ᠸᠠᠺᠼᠢᠨ ᠢ᠋ ᠨᠡᠢᠲᠡ 672.6 ᠲᠦᠮᠡᠨ ᠤᠳᠠᠭ᠎ᠠ ᠳᠠᠷᠢᠵᠤ᠂ ᠪᠦᠬᠦ ᠲᠠᠷᠢᠯᠭ᠎ᠠ ᠵᠢ ᠪᠡᠶᠡᠯᠡᠬᠦᠯᠦᠭᠰᠡᠨ ᠬᠥᠮᠦᠨ ᠤ᠋ ᠲᠣᠭ᠎ᠠ 289.6 ᠲᠦᠮᠡᠨ ᠬᠦᠮᠦᠨ ᠳ᠋ᠤ ᠬᠦᠷᠪᠡ ᠂ ᠡᠭᠦᠨ ᠳ᠋ᠤ ᠪᠦᠬᠦ ᠲᠠᠷᠢᠯᠭ᠎ᠠ ᠵᠢ ᠪᠡᠶᠡᠯᠡᠬᠦᠯᠦᠭᠰᠡᠨ 60 ᠨᠠᠰᠤᠨ ᠡᠴᠡ ᠳᠡᠭᠡᠭ᠌ᠰᠢᠬᠢ ᠨᠠᠰᠤᠲᠠᠢᠴᠤᠳ ᠤ᠋ᠨ ᠲᠣᠭ᠎ᠠ 44.28 ᠲᠦᠮᠡᠨ ᠬᠦᠮᠦᠨ ᠳ᠋ᠤ ᠬᠦᠷᠴᠡᠶ; ᠱᠢᠨ᠎ᠡ ᠲᠢᠲᠢᠮᠯᠢᠭ ᠠᠭᠤᠰᠬᠢᠨ ᠦᠷᠪᠢᠰᠦᠯ ᠤ᠋ᠨ ᠸᠠᠺᠼᠢᠨ ᠤ᠋ ᠭᠤᠷᠪᠠᠳᠤᠭᠠᠷ ᠴᠢᠩᠭᠠᠳᠬᠠᠬᠤ ᠵᠡᠬᠦᠦ ᠵᠢᠨ ᠲᠠᠷᠢᠯᠭ᠎ᠠ ᠵᠢ ᠪᠡᠶᠡᠯᠡᠬᠦᠯᠦᠭᠰᠡᠨ 18 ᠨᠠᠰᠤᠨ᠎ᠡᠴᠡ ᠳᠡᠭᠡᠭ᠌ᠰᠢᠬᠢ ᠬᠦᠮᠦᠨ᠎ᠤ ᠲᠤᠭ᠎ᠠ 72.56 ᠲᠦᠮᠡᠨ ᠬᠥᠮᠦᠨ ᠳ᠋ᠤ ᠬᠦᠷᠪᠡ᠃ ᠪᠥᠬᠥ᠌ ᠬᠣᠲᠠ ᠵᠢᠨ 60 ᠨᠠᠰᠤᠨ ᠡᠴᠡ ᠳᠡᠭᠡᠭ᠌ᠰᠢᠬᠢ ᠨᠠᠰᠤᠲᠠᠢᠴᠤᠳ᠂ ᠤᠨᠴᠠᠭᠠᠢᠯᠠᠨ 80 ᠨᠠᠰᠤᠨ ᠡᠴᠡ ᠳᠡᠭᠡᠭ᠌ᠰᠢᠬᠢ ᠨᠠᠰᠤᠲᠠᠢᠴᠤᠳ ᠤ᠋ᠨ ᠱᠢᠨ᠎ᠡ ᠲᠢᠲᠢᠮᠯᠢᠭ ᠠᠭᠤᠰᠭᠢᠨ ᠦᠷᠪᠢᠰᠦᠯ ᠤ᠋ᠨ ᠸᠠᠺᠼᠢᠨ ᠤ᠋ ᠲᠠᠷᠢᠭᠰᠠᠨ ᠨᠣᠷᠮ᠎ᠠ ᠵᠢ ᠪᠥᠬᠥ᠌ ᠬᠥᠮᠦᠰ ᠲᠡᠶ ᠬᠠᠷᠢᠴᠠᠭᠤᠯᠪᠠᠯ ᠮᠥᠨ ᠬᠦ᠌ ᠨᠡᠯᠢᠶᠡᠳ ᠳᠤᠤᠷ᠎ᠠ ᠪᠠᠢᠵᠤ᠂ ᠭᠤᠷᠪᠠᠳᠤᠭᠠᠷ ᠴᠢᠩᠭᠠᠳᠭᠠᠬᠤ ᠵᠡᠭᠦᠦ᠍ ᠵᠢᠨ ᠲᠠᠷᠢᠯᠭ᠎ᠠ ᠵᠢ ᠲᠦᠷᠭᠡᠳᠭᠡᠨ ᠠᠬᠢᠭᠤᠯᠬᠤ ᠴᠢᠬᠤᠯᠠᠲᠠᠶ ᠪᠠᠢᠨ᠎ᠠ᠃

ᠣᠳᠣᠬᠠᠨ ᠤ᠋ ᠤᠯᠤᠰ ᠤ᠋ᠨ ᠳᠣᠲᠣᠭᠠᠳᠤ ᠭᠠᠳᠠᠭᠠᠳᠤ ᠵᠢᠨ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠪᠠᠢᠳᠠᠯ ᠢ᠋ ᠦᠨᠳᠦᠰᠦᠯᠡᠪᠡᠯ᠂ ᠲᠠᠷᠠᠭᠠᠴᠢ ᠵᠢᠨ ᠠᠯᠬᠤᠮ ᠳ᠋ᠦ ᠬᠥᠬᠡᠬᠣᠲᠠ ᠸᠠᠺᠼᠢᠨ ᠤ᠋ ᠲᠠᠷᠢᠯᠭ᠎ᠠ ᠲᠠᠷᠢᠬᠤ ᠡᠷᠴᠢᠮ ᠢ᠋ ᠦᠷᠭᠦᠯᠵᠢᠯᠡᠨ ᠴᠢᠩᠭᠠᠷᠠᠭᠤᠯᠵᠤ᠂ ᠸᠠᠺᠼᠢᠨ ᠤ᠋ ᠲᠠᠷᠢᠯᠭ᠎ᠠ ᠲᠠᠷᠢᠬᠤ ᠨᠣᠷᠮ᠎ᠠ ᠵᠢ ᠳᠡᠭᠡᠭ᠌ᠰᠢᠯᠡᠭᠦᠯᠵᠦ᠍᠂ ᠡᠭᠡᠯᠢᠯᠡᠭᠡ ᠵᠢᠨ ᠬᠠᠯᠬᠠᠪᠴᠢ ᠪᠠᠢᠭᠤᠯᠬᠤ ᠵᠢ ᠴᠢᠩᠭᠠᠳᠭᠠᠨ᠎ᠠ᠃ ᠡᠩ ᠲᠡᠷᠢᠭᠦᠨ ᠳ᠋ᠤ ᠤᠬᠠᠭᠤᠯᠬᠤ ᠪᠠ ᠬᠥᠲᠥᠯᠥᠨ ᠵᠢᠯᠣᠭᠣᠳᠭᠤ᠎ᠵᠢ ᠴᠢᠩᠭᠠᠳᠭᠠᠵᠤ᠂ 《ᠤᠲᠠᠰᠤᠳᠠᠬᠤ + ᠬᠡᠷ ᠲᠤᠨᠢ ᠬᠥᠷᠬᠥ᠌》 ᠵᠡᠷᠭᠡ ᠠᠷᠭ᠎ᠠ ᠬᠡᠯᠪᠡᠷᠢ ᠪᠡᠷ ᠱᠢᠨ᠎ᠡ ᠲᠢᠲᠢᠮᠯᠢᠭ ᠠᠭᠤᠰᠬᠢᠨ ᠦᠷᠪᠢᠰᠦᠯ ᠤ᠋ᠨ ᠸᠠᠺᠼᠢᠨ ᠤ᠋ ᠲᠠᠷᠢᠯᠭ᠎ᠠ ᠲᠠᠷᠢᠭᠠᠳᠤᠢ ᠬᠣᠲᠠ ᠵᠢᠨ ᠠᠷᠠᠳ ᠢ᠋ ᠬᠥᠲᠥᠯᠥᠨ ᠵᠢᠯᠣᠭᠣᠳᠴᠤ᠌ ᠪᠠᠢᠭᠠᠳ ᠸᠠᠺᠼᠢᠨ ᠤ᠋ ᠲᠠᠷᠢᠯᠭ᠎ᠠ ᠵᠢ ᠲᠦᠷᠭᠡᠬᠡᠨ ᠲᠠᠷᠢᠭᠤᠯᠤᠨ᠎ᠠ᠃ ᠨᠠᠰᠤᠳᠠᠢᠴᠤᠳ ᠬᠡᠦᠬᠡᠳ ᠤ᠋ᠨ ᠸᠠᠺᠼᠢᠨ ᠲᠠᠷᠢᠬᠤ ᠠᠵᠢᠯ ᠢ᠋ ᠭᠣᠣᠯᠳᠠᠯᠭ᠎ᠠ ᠲᠠᠢ ᠴᠢᠩᠭᠠᠳᠭᠠᠵᠤ᠂ 60 ᠨᠠᠰᠤᠨ ᠡᠴᠡ ᠳᠡᠭᠡᠭ᠌ᠰᠢᠬᠢ ᠨᠠᠰᠤᠲᠠᠢᠴᠤᠳ ᠪᠣᠯᠤᠨ 3 —11 ᠨᠠᠰᠤᠨ ᠤ᠋ ᠬᠡᠦᠬᠡᠳ ᠲᠦ᠍ ᠴᠢᠭ᠌ᠯᠡᠭᠦᠯᠦᠨ᠂ ᠠᠷᠠᠳ ᠲᠦ᠍ ᠳᠥᠭᠥᠮ ᠦᠵᠡᠭᠦᠯᠬᠦ᠌ ᠠᠷᠭ᠎ᠠ ᠬᠡᠮᠵᠢᠶ᠎ᠡ᠎ᠵᠢ ᠦᠷᠭᠦᠯᠵᠢᠯᠡᠨ ᠲᠡᠭᠦᠯᠳᠡᠷᠵᠢᠭᠦᠯᠵᠦ᠍᠂ ᠲᠠᠷᠢᠯᠭ᠎ᠠ ᠲᠠᠷᠢᠬᠤ ᠴᠡᠭ ᠪᠠᠢᠷᠢᠯᠠᠭᠤᠯᠬᠤ᠎ᠡᠴᠡ ᠠᠪᠤᠭᠠᠳ ᠲᠠᠷᠢᠯᠭ᠎ᠠ ᠲᠠᠷᠢᠬᠤ ᠣᠷᠴᠢᠨ ᠲᠣᠭᠣᠷᠢᠨ ᠤ᠋ ᠲᠣᠬᠢᠷᠠᠭᠤᠯᠤᠯᠲᠠ ᠬᠦᠷᠲᠡᠯ᠎ᠡ᠂ ᠲᠠᠷᠢᠯᠭ᠎ᠠ ᠲᠠᠷᠢᠬᠤ ᠡᠴᠡ ᠡᠮᠦᠨᠡᠬᠢ ᠡᠷᠡᠭᠦᠯ ᠮᠡᠨᠳᠦ᠍ ᠵᠢᠨ ᠯᠠᠪᠯᠠᠯᠳᠠ᠎ᠡᠴᠡ ᠠᠪᠤᠭᠠᠳ ᠲᠠᠷᠢᠯᠭ᠎ᠠ ᠲᠠᠷᠢᠭᠰᠠᠨ ᠤ᠋ ᠳᠠᠷᠠᠭᠠᠬᠢ ᠦᠯᠡᠳᠡᠭᠡᠨ ᠠᠵᠢᠭ᠍ᠯᠠᠬᠤ ᠬᠦᠷᠳᠡᠯ᠎ᠡ᠂ ᠲᠠᠷᠢᠯᠭ᠎ᠠ ᠲᠠᠷᠢᠭ᠍ᠰᠠᠨ ᠲᠡᠮᠳᠡᠭ᠌ᠯᠡᠯ ᠢ᠋ ᠳᠠᠩᠰᠠᠯᠠᠬᠤ᠎ᠡᠴᠡ ᠠᠪᠤᠭᠠᠳ ᠲᠠᠷᠢᠯᠭ᠎ᠠ ᠲᠠᠷᠢᠬᠤ ᠮᠡᠳᠡᠯᠭᠡ ᠵᠢ ᠲᠦᠭᠡᠮᠡᠯᠵᠢᠭᠦᠯᠬᠦ᠌ ᠬᠦᠷᠲᠡᠯ᠎ᠡ ᠴᠥᠮ ᠨᠠᠰᠤᠲᠠᠢᠴᠤᠳ ᠪᠣᠯᠤᠨ ᠬᠡᠦᠬᠡᠳ ᠤ᠋ᠨ ᠣᠨᠴᠠᠯᠢᠭ ᠢ᠋ ᠦᠨᠳᠦᠰᠦᠯᠡᠨ ᠤᠯᠠᠮ ᠨᠢᠭᠡ ᠠᠯᠬᠤᠮ ᠨᠠᠷᠢᠯᠢᠭ᠍ᠵᠢᠭᠤᠯᠵᠤ᠂ ᠲᠡᠳᠡᠨ ᠳ᠋ᠤ ᠨᠡᠩ ᠰᠠᠢᠨ ᠦᠢᠯᠡᠴᠢᠯᠡᠭᠡ ᠬᠠᠩᠭᠠᠨ᠎ᠠ᠃ ᠵᠣᠬᠢᠶᠠᠨ ᠪᠠᠢᠭᠤᠯᠬᠤ ᠡᠷᠴᠢᠮ ᠢ᠋ ᠴᠢᠩᠭᠠᠷᠠᠭᠤᠯᠵᠤ ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ ᠤ᠋ᠨ ᠸᠠᠺᠼᠢᠨ ᠤ᠋ ᠭᠤᠷᠪᠠᠳᠤᠭᠠᠷ ᠴᠢᠩᠭᠠᠳᠭᠠᠬᠤ ᠵᠡᠬᠦᠦ ᠵᠢᠨ ᠲᠠᠷᠢᠯᠭ᠎ᠠ ᠵᠢ ᠪᠥᠬᠥ᠌ ᠲᠠᠯ᠎ᠠ ᠪᠡᠷ ᠠᠬᠢᠭᠤᠯᠵᠤ᠂ ᠥᠷᠭᠡᠨ ᠣᠯᠠᠨ ᠬᠣᠲᠠ ᠵᠢᠨ ᠠᠷᠠᠳ ᠤ᠋ᠨ ᠲᠠᠷᠢᠯᠭ᠎ᠠ ᠲᠠᠷᠢᠬᠤ ᠬᠡᠷᠡᠭ᠌ᠴᠡᠭᠡ ᠵᠢ ᠬᠠᠩᠭᠠᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面