2022-03-20 20:13:11
ᠬᠥᠬᠡᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ (27 ᠳ᠋ᠤᠭᠠᠷ ᠲᠠᠯᠠᠪᠠᠢ)᠎ᠤᠨ ᠨᠡᠢᠲᠡᠯᠡᠭ᠌ᠰᠡᠨ᠎ᠢᠶᠡᠷ᠂ ᠱᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠸᠢᠷᠦ᠋ᠰ᠎ᠦᠨ ᠬᠠᠯᠳᠠᠪᠤᠷᠢᠯᠠᠯ᠎ᠤᠨ ᠲᠦᠭ᠌ᠰᠢᠭᠦᠷᠢ᠎ᠶ᠋ᠢ ᠪᠦᠲᠦᠮᠵᠢᠲᠡᠶ ᠠᠷᠭᠠᠴᠠᠭᠠᠵᠤ᠂ ᠬᠠᠮᠲᠤ᠎ᠶᠢᠨ ᠡᠭᠡᠯᠢᠯᠡᠭᠡ᠎ᠶ᠋ᠢᠨ ᠬᠠᠯᠬᠠᠪᠴᠢ᠎ᠶ᠋ᠢ ᠲᠦᠷᠭᠡᠳᠭᠡᠨ ᠪᠠᠢᠭᠤᠯᠵᠤ᠂ ᠠᠷᠠᠳ ᠣᠯᠠᠨ᠎ᠤ ᠠᠮᠢ ᠨᠠᠰᠤᠨ᠎ᠤ ᠠᠮᠤᠷ ᠲᠦᠪᠱᠢᠨ ᠪᠠ ᠪᠡᠶ᠎ᠡ ᠮᠠᠬᠠᠪᠣᠳ᠎ᠤᠨ ᠡᠷᠡᠭᠦᠯ ᠮᠡᠨᠳᠦ᠍᠎ᠶ᠋ᠢ ᠪᠥᠬᠥ᠌ ᠬᠦᠴᠦᠨ᠎ᠢᠶᠡᠷ᠎ᠢᠶᠡᠨ ᠬᠠᠮᠠᠭᠠᠯᠠᠬᠤ᠎ᠶ᠋ᠢᠨ ᠲᠥᠯᠥᠭᠡ᠂ ᠬᠥᠬᠡᠬᠣᠲᠠ᠎ᠶ᠋ᠢᠨ ᠬᠢᠨ ᠬᠠᠷᠠᠯᠲᠠᠲᠤ ᠬᠥᠮᠦᠰ᠎ᠲᠦ ᠴᠡᠭᠡᠷᠯᠡᠯ ᠥᠬᠡᠶ ᠪᠤᠯ ᠪᠦᠬᠦᠨ᠎ᠢ ᠬᠠᠮᠤᠷᠬᠤ᠎ᠶ᠋ᠢ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠴᠢᠬᠤᠯᠠ ᠠᠷᠭ᠎ᠠ ᠪᠠᠷᠢᠯ ᠪᠣᠯᠭᠠᠵᠤ᠂ 9 ᠬᠣᠱᠢᠭᠤ ᠱᠢᠶᠠᠨ ᠲᠣᠭᠣᠷᠢᠭ᠎ᠲᠤ ᠸᠠᠺᠼᠢᠨ᠎ᠤ ᠲᠠᠷᠢᠯᠭ᠎ᠠ᠎ᠶ᠋ᠢᠨ ᠠᠵᠢᠯ᠎ᠢ ᠦᠷᠭᠦᠯᠵᠢᠯᠡᠨ ᠰᠡᠷᠭᠦᠭᠡᠵᠦ ᠥᠷᠭᠡᠳᠭᠡᠵᠦ ᠪᠤᠢ᠃ ᠣᠳᠣᠬᠠᠨ᠎ᠳᠤ ᠪᠥᠬᠥ᠌ ᠬᠣᠲᠠ᠎ᠶ᠋ᠢᠨ ᠸᠠᠺᠼᠢᠨ᠎ᠤ ᠲᠠᠷᠢᠯᠭ᠎ᠠ᠎ᠶ᠋ᠢᠨ ᠴᠡᠭ᠎ᠢ ᠨᠢᠭᠡᠨᠲᠡ 100 ᠪᠣᠯᠭᠠᠨ ᠰᠡᠷᠭᠦᠭᠡᠵᠦ᠍᠂ ᠲᠠᠷᠢᠯᠭ᠎ᠠ᠎ᠶ᠋ᠢᠨ ᠠᠵᠢᠯ᠎ᠢ ᠶᠠᠭ ᠡᠮᠬᠢ ᠵᠢᠷᠤᠮ᠎ᠲᠠᠶ ᠠᠬᠢᠭᠤᠯᠵᠤ ᠪᠠᠢᠨ᠎ᠠ᠃ 3 ᠰᠠᠷ᠎ᠠ᠎ᠶ᠋ᠢᠨ 19᠎ᠦ ᠡᠳᠦᠷ᠎ᠦᠨ 17 ᠴᠠᠭ ᠪᠣᠯᠲᠠᠯ᠎ᠠ᠂ ᠪᠥᠬᠥ᠌ ᠬᠣᠲᠠ᠎ᠳᠤ ᠨᠡᠢᠲᠡ 693.4 ᠲᠦᠮᠡᠨ ᠤᠳᠠᠭ᠎ᠠ ᠶ᠋ᠢᠨ ᠲᠠᠷᠢᠯᠭ᠎ᠠ ᠬᠢᠵᠦ᠍᠂ ᠡᠭᠦᠨ᠎ᠳᠦ 91.12 ᠲᠦᠮᠡᠨ ᠵᠡᠭᠦᠦ ᠨᠢ ᠴᠢᠩᠭᠠᠳᠬᠠᠬᠤ ᠲᠠᠷᠢᠯᠭ᠎ᠠ᠂ 3—11 ᠨᠠᠰᠤᠨ᠎ᠤ ᠬᠡᠸ᠋ᠬᠡᠳ᠎ᠲᠦ ᠨᠢᠭᠡᠳᠦᠭᠡᠷ ᠲᠠᠷᠢᠯᠭ᠎ᠠ ᠲᠠᠷᠢᠭᠰᠠᠨ ᠲᠤᠭ᠎ᠠ ᠨᠢ 26.57 ᠲᠦᠮᠡ᠂ ᠬᠤᠶᠠᠳᠤᠭᠠᠷ ᠲᠠᠷᠢᠯᠭ᠎ᠠ ᠲᠠᠷᠢᠭᠰᠠᠨ ᠲᠤᠭ᠎ᠠ ᠨᠢ 23.38 ᠲᠦᠮᠡ᠂ 60 ᠨᠠᠰᠤᠨ ᠠᠴᠠ ᠳᠡᠭᠡᠭ᠌ᠰᠢᠬᠢ ᠬᠥᠮᠦᠰ᠎ᠲᠦ ᠪᠦᠬᠦ ᠶᠠᠪᠤᠴᠠ᠎ᠶᠢᠨ ᠲᠠᠷᠢᠯᠭ᠎ᠠ᠎ᠶᠢ ᠲᠠᠷᠢᠵᠤ ᠳᠠᠭᠤᠰᠬᠠᠭᠰᠠᠨ ᠲᠤᠭ᠎ᠠ ᠨᠢ 44.36 ᠲᠦᠮᠡ ᠬᠦᠷᠴᠡᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃