2022-03-23 15:28:57
22᠎ᠤᠨ ᠡᠳᠦᠷ ᠬᠤᠷᠠᠯᠳᠤᠭᠤᠯᠤᠭ᠍ᠰᠠᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠠᠴᠠ ᠣᠢᠯᠠᠭᠠᠭ᠍ᠰᠠᠨ᠎ᠢᠶᠠᠷ᠂ 3 ᠰᠠᠷ᠎ᠠ᠎ᠶ᠋ᠢᠨ 21᠎ᠦ ᠡᠳᠦᠷ᠎ᠦᠨ 19 ᠴᠠᠭ ᠪᠣᠯᠲᠠᠯ᠎ᠠ᠂ ᠬᠥᠬᠡᠬᠣᠲᠠ ᠱᠢᠨ᠎ᠡ ᠲᠢᠲᠢᠮᠯᠢᠭ ᠸᠢᠷᠦ᠋ᠰ᠎ᠦᠨ ᠸᠠᠺᠼᠢᠨ᠎ᠤ ᠲᠠᠷᠢᠯᠭ᠎ᠠ ᠵᠢ ᠨᠡᠢᠲᠡ 710.2 ᠲᠦᠮᠡᠨ ᠤᠳᠠᠭ᠎ᠠ ᠳᠠᠷᠢᠵᠤ᠂ ᠸᠠᠺᠼᠢᠨ᠎ᠤ ᠲᠠᠷᠢᠯᠭ᠎ᠠ ᠬᠢᠭ᠌ᠰᠡᠨ ᠪᠥᠬᠥ᠌ ᠬᠥᠮᠦᠨ᠎ᠦ ᠲᠣᠭ᠎ᠠ 300.5 ᠲᠦᠮᠡ᠎ᠳᠦ ᠬᠦᠷᠴᠡᠶ᠂ ᠡᠭᠦᠨ ᠳᠦ 291.8 ᠲᠦᠮᠡᠨ ᠬᠦᠮᠤᠨ ᠪᠥᠬᠥ᠌ ᠶᠠᠪᠤᠴᠠ ᠶ᠋ᠢᠨ ᠲᠠᠷᠢᠯᠭᠠᠬᠢᠵᠦ᠂ 105.5 ᠲᠦᠮᠡᠨ ᠬᠥᠮᠦᠨ ᠴᠢᠩᠭᠠᠳᠭᠠᠬᠤ ᠲᠠᠷᠢᠯᠭ᠎ᠠ ᠬᠢᠪᠡ᠃ ᠡᠭᠦᠨ᠎ᠳᠦ ᠪᠥᠬᠥ᠌ ᠶᠠᠪᠤᠴᠠ᠎ᠶᠢᠨ ᠲᠠᠷᠢᠯᠭ᠎ᠠ ᠬᠢᠭᠰᠡᠨ 60 ᠨᠠᠰᠤᠨ᠎ᠠᠴᠠ ᠳᠡᠭᠡᠭ᠌ᠰᠢᠬᠢ ᠬᠦᠮᠤᠨ 44.4 ᠲᠦᠮᠡ ᠪᠠᠢᠵᠤ᠂ ᠲᠠᠷᠢᠯᠭ᠎ᠠ ᠬᠢᠭ᠌ᠰᠡᠨ ᠨᠣᠷᠮ᠎ᠠ ᠨᠢ 71.5% ᠳ᠋ᠤ ᠬᠦᠷᠪᠡ᠃
ᠤᠢᠯᠠᠭᠠᠬᠰᠠᠨ ᠢᠶᠠᠷ᠂ ᠬᠥᠬᠡᠬᠣᠲᠠ 9 ᠬᠣᠱᠢᠭᠤ ᠱᠢᠶᠠᠨ ᠲᠣᠭᠣᠷᠢᠭ᠎ᠲᠤ ᠱᠢᠨ᠎ᠡ ᠲᠢᠲᠢᠮᠯᠢᠭ ᠸᠢᠷᠦ᠋ᠰ᠎ᠦᠨ ᠸᠠᠺᠼᠢᠨ᠎ᠤ ᠲᠠᠷᠢᠯᠭ᠎ᠠ ᠬᠢᠬᠦ᠌ ᠠᠵᠢᠯ ᠢ ᠦᠷᠭᠦᠯᠵᠢᠯᠡᠨ ᠰᠡᠷᠭᠦᠭᠡᠨ ᠥᠷᠭᠡᠳᠭᠡᠵᠦ᠍᠂ ᠣᠳᠣᠬᠠᠨ᠎ᠳᠤ ᠪᠥᠬᠥ᠌ ᠬᠣᠲᠠ᠎ᠶ᠋ᠢᠨ ᠸᠠᠺᠼᠢᠨ᠎ᠤ ᠲᠠᠷᠢᠯᠭ᠎ᠠ ᠬᠢᠬᠦ᠌ ᠴᠡᠭ 111 ᠪᠠᠢᠵᠦ᠂ ᠲᠠᠷᠢᠯᠭ᠎ᠠ ᠬᠢᠬᠦ᠌ ᠬᠤᠷᠳᠤᠴᠠ ᠲᠠᠰᠤᠷᠠᠯᠲᠠ ᠥᠬᠡᠶ ᠲᠦᠷᠭᠡᠳᠪᠡ᠃ ᠬᠥᠬᠡᠬᠣᠲᠠ᠎ᠶ᠋ᠢᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠥᠪ ᠦᠨ ᠳᠡᠳ᠋ ᠡᠷᠬᠢᠯᠡᠭ᠌ᠴᠢ ᠸᠠᠩ ᠳ᠋ᠠ ᠸᠧᠶ ᠬᠡᠯᠡᠬᠦ᠌᠎ᠳᠡᠭᠡᠨ᠂ ᠨᠠᠰᠤᠲᠠᠢᠴᠤᠳ᠎ᠤᠨ ᠣᠯᠠᠩᠬᠢ᠎ᠨᠢ ᠰᠠᠭᠤᠷᠢ ᠡᠪᠡᠳᠴᠢᠨ ᠡᠮᠭᠡᠭ᠎ᠲᠠᠢ᠂ ᠡᠭᠡᠯᠢᠯᠡᠭᠡ᠎ᠶ᠋ᠢᠨ ᠴᠢᠳᠠᠪᠤᠷᠢ ᠨᠢ ᠨᠡᠯᠢᠶᠡᠳ ᠪᠠᠭᠤᠷᠠᠶ᠂ ᠱᠢᠨ᠎ᠡ ᠲᠢᠲᠢᠮᠯᠢᠭ ᠸᠢᠷᠦ᠋ᠰ᠎ᠲᠦ ᠬᠠᠯᠳᠠᠪᠤᠷᠢᠯᠠᠭ᠍ᠳᠠᠭ᠍ᠰᠠᠨ᠎ᠤ ᠳᠠᠷᠠᠭ᠎ᠠ ᠠᠮᠠᠷᠬᠠᠨ ᠬᠦᠨᠳᠦ ᠡᠪᠡᠳᠴᠢᠳᠡᠨ ᠪᠣᠯᠵᠣ ᠴᠢᠨᠠᠭ᠍ᠰᠢᠯᠠᠪᠠᠯ ᠥᠭᠦᠬᠦ᠌ ᠠᠶᠤᠯ ᠲᠦᠭ᠌ᠰᠢᠭᠦᠷᠢ ᠨᠢ ᠵᠠᠯᠠᠭᠤᠴᠤᠳ ᠪᠠ ᠬᠡᠦᠬᠡᠳ ᠪᠠᠭᠠᠴᠤᠳ᠎ᠠᠴᠠ ᠬᠣᠯᠠ ᠥᠨᠳᠥᠷ ᠪᠠᠢᠨ᠎ᠠ᠂ ᠸᠠᠺᠼᠢᠨ᠎ᠤ ᠲᠠᠷᠢᠯᠭ᠎ᠠ ᠬᠢᠭᠡᠳᠦᠶ ᠨᠠᠰᠤᠲᠠᠢᠴᠤᠳ ᠳᠠᠷᠤᠶ ᠲᠦᠷᠭᠡᠨ ᠲᠠᠷᠢᠯᠭ᠎ᠠ ᠬᠢᠵᠦ᠍᠂ ᠴᠢᠩᠭᠠᠳᠭᠠᠬᠤ ᠲᠠᠷᠢᠯᠭ᠎ᠠ ᠶ᠋ᠢ ᠬᠢᠬᠦ ᠨᠥᠬᠥᠴᠡᠯ ᠳᠦ ᠨᠡᠢᠴᠡᠬᠦ᠌ ᠬᠥᠮᠦᠰ ᠴᠢᠩᠭᠠᠳᠭᠠᠬᠤ ᠲᠠᠷᠢᠯᠭ᠎ᠠ ᠪᠠᠨ ᠴᠠᠭ ᠲᠤᠬᠠᠶ᠎ᠳᠤᠨᠢ ᠬᠢᠬᠦ ᠬᠡᠷᠡᠭ᠌ᠲᠡᠶ ᠭᠡᠪᠡ᠃
ᠢᠷᠡᠯᠲᠡ᠄ ᠤᠮᠠᠷᠠᠲᠤ ᠶ᠋ᠢᠨ ᠰᠦᠯᠵᠢᠶ᠎ᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃