ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠱᠢᠨ᠎᠎ᠡ ᠲᠢᠲᠢᠮᠯᠢᠭ ᠠᠭᠤᠰᠬᠢᠨ ᠦᠷᠪᠢᠰᠦᠯ᠎ᠦ᠋ᠨ ᠸᠠᠺᠼᠢᠨ᠎ᠤ᠋ ᠲᠠᠷᠢᠯᠭ᠎ᠠ ᠲᠠᠷᠢᠵᠤ ᠡᠭᠡᠯᠢᠯᠡᠭᠡ᠎ᠶ᠋ᠢᠨ ᠬᠠᠯᠬᠠᠪᠴᠢ᠎ᠶ᠋ᠢ ᠪᠠᠢᠭᠤᠯᠤᠶ᠎ᠠ

2022-03-23 10:08:58

ᠵᠣᠬᠢᠶᠠᠭ᠍ᠴᠢ᠄ ᠫᠧᠩ ᠶᠦᠨ ᠵᠢᠶᠠ ᠣᠩᠱᠢᠭ᠍ᠰᠠᠨ ᠣᠳᠠᠭ᠎ᠠ᠄ 3

ᠱᠢᠨᠬᠤᠸᠠ ᠬᠣᠷᠢᠶᠠᠨ᠎ᠤ ᠪᠡᠭᠡᠵᠢᠩ᠎ᠦᠨ 3 ᠰᠠᠷ᠎ᠠ᠎ᠶ᠋ᠢᠨ 21 ᠎ᠤ᠋ ᠴᠠᠬᠢᠯᠭᠠᠨ ᠮᠡᠳᠡᠭᠡ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠮ ᠡᠮᠨᠡᠯᠭᠡ᠎ᠶᠢᠨ ᠪᠠᠲᠤᠯᠠᠭ᠎ᠠ᠎ᠶ᠋ᠢᠨ ᠠᠵᠢᠯ᠎ᠢ ᠴᠢᠨᠠᠬᠰᠢᠳᠠ ᠴᠢᠩᠭᠠᠳᠭᠠᠬᠤ᠎ᠶ᠋ᠢᠨ ᠲᠥᠯᠥᠭᠡ᠂ ᠤᠯᠤᠰ᠎ᠤᠨ ᠡᠮ ᠡᠮᠨᠡᠯᠭᠡ᠎ᠶᠢᠨ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠠᠯᠪᠠᠨ ᠬᠡᠷ 21᠎ᠤ᠋ ᠡᠳᠦᠷ《ᠣᠳᠣᠬᠠᠨ᠎ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠮ ᠡᠮᠨᠡᠯᠭᠡ᠎ᠶᠢᠨ ᠪᠠᠲᠤᠯᠠᠭ᠎ᠠ᠎ᠶ᠋ᠢᠨ ᠠᠵᠢᠯ᠎ᠢ ᠦᠨᠡᠨ ᠬᠦ᠌ ᠰᠠᠢᠲᠤᠷ ᠬᠢᠬᠦ᠌ ᠲᠤᠬᠠᠶ ᠮᠡᠳᠡᠭ᠌ᠳᠡᠯ》᠎ᠢ᠋ ᠳᠠᠷᠤᠮᠠᠯᠯᠠᠨ ᠲᠠᠷᠬᠠᠭᠠᠵᠤ᠂ ᠳᠠᠭᠠᠳᠭᠠᠯ᠎ᠳᠤ ᠣᠷᠣᠯᠴᠠᠭ᠍ᠰᠠᠳ᠎ᠤᠨ ᠲᠣᠭ᠍ᠲᠠᠭ᠍ᠰᠠᠨ ᠴᠡᠭ᠎ᠦᠨ ᠦᠨᠳᠦᠰᠦᠨ ᠱᠠᠲᠤᠨ᠎ᠤ ᠡᠮᠴᠢᠯᠡᠭᠡᠨ᠎ᠤ ᠪᠠᠢᠭᠤᠯᠤᠮᠵᠢ᠎ᠳᠤ ᠵᠠᠷᠤᠴᠠᠭᠤᠯᠤᠭᠰᠠᠨ ᠬᠠᠮᠢᠶ᠎ᠠ ᠪᠥᠬᠥᠶ ᠵᠠᠷᠤᠳᠠᠯ᠎ᠢ ᠨᠢᠭᠡᠳᠦᠯᠲᠡᠶ ᠲᠥᠯᠥᠪᠵᠢᠭᠦᠯᠬᠦ ᠭᠠᠵᠠᠷ ᠣᠷᠣᠨ᠎ᠤ ᠣᠲᠣ᠎ᠶ᠋ᠢᠨ ᠬᠡᠷᠡᠭ᠌ᠵᠢᠭᠦᠯᠵᠦ᠍ ᠪᠠᠢᠭ᠎ᠠ ᠲᠣᠭ᠍ᠲᠠᠭᠠᠯ ᠶᠣᠰᠣᠭᠠᠷ ᠲᠤᠭᠠᠴᠡᠭ᠎ᠠ ᠬᠢᠵᠦ᠂ ᠲᠣᠭ᠍ᠲᠠᠭ᠍ᠰᠠᠨ ᠴᠡᠭ᠎ᠦᠨ ᠵᠢᠵᠢᠭ᠌ᠯᠡᠨ ᠬᠤᠳᠠᠯᠳᠤᠬᠤ ᠡᠮ᠎ᠦᠨ ᠳᠡᠯᠭᠡᠭᠦᠷ᠎ᠡᠴᠡ ᠱᠢᠨ᠎ᠡ ᠲᠢᠲᠢᠮᠯᠢᠭ ᠸᠢᠷᠦ᠋ᠰ᠎ᠦᠨ ᠥᠳᠥᠭᠡᠭ᠌ᠴᠢ᠎ᠶᠢᠨ ᠪᠠᠢᠴᠠᠭᠠᠯᠲᠠ᠎ᠶᠢᠨ ᠡᠮ᠎ᠢ ᠬᠤᠳᠠᠯᠳᠤᠨ ᠠᠪᠤᠭ᠍ᠰᠠᠨ ᠵᠠᠷᠤᠳᠠᠯ᠎ᠢ ᠬᠤᠪᠢ ᠬᠥᠮᠦᠨ᠎ᠦ ᠳᠠᠨᠭᠰᠠ᠎ᠪᠡᠷ ᠲᠤᠭᠠᠴᠡᠭ᠎ᠠ ᠬᠢᠵᠦ ᠪᠤᠯᠬᠤ᠎ᠵᠢ ᠲᠣᠳᠣᠷᠬᠠᠢᠯᠠᠪᠠ᠃

ᠮᠡᠳᠡᠭ᠌ᠳᠡᠯ᠎ᠳᠦ᠂ ᠡᠯ᠎ᠡ ᠮᠤᠵᠢ᠎ᠶ᠋ᠢᠨ ᠱᠠᠲᠤᠨ᠎ᠤ ᠡᠮ ᠡᠮᠨᠡᠯᠭᠡ᠎ᠶᠢᠨ ᠳᠠᠭᠠᠳᠭᠠᠯ᠎ᠤᠨ ᠰᠠᠯᠠᠭ᠎ᠠ ᠮᠥᠴᠢᠷ᠎ᠦᠨ᠎ᠬᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠮ ᠡᠮᠨᠡᠯᠭᠡ᠎ᠶᠢᠨ ᠪᠠᠲᠤᠯᠠᠭ᠎ᠠ᠎ᠶ᠋ᠢᠨ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠴᠠᠭ ᠲᠤᠬᠠᠶ᠎ᠳᠤᠨᠢ ᠲᠣᠬᠢᠷᠠᠭᠤᠯᠤᠨ ᠱᠢᠯᠢᠳᠡᠭ᠌ᠵᠢᠭᠦᠯᠵᠦ᠍᠂ ᠲᠠᠰ ᠳᠠᠷᠠᠭᠠᠯᠠᠯ ᠶᠣᠰᠣᠭᠠᠷ ᠱᠢᠨ᠎ᠡ ᠲᠢᠲᠢᠮᠯᠢᠭ ᠸᠢᠷᠦ᠋ᠰ᠎ᠦᠨ ᠥᠳᠥᠭᠡᠭ᠌ᠴᠢ᠎ᠶᠢᠨ ᠪᠠᠢᠴᠠᠭᠠᠯᠲᠠ᠎ᠶᠢᠨ ᠡᠮ ᠵᠢᠴᠢ ᠵᠣᠬᠢᠴᠠᠩᠭᠤᠶ ᠪᠠᠢᠴᠠᠭᠠᠬᠤ ᠲᠥᠷᠥᠯ ᠵᠦᠶ᠋ᠯ᠎ᠢ ᠲᠦᠷ ᠴᠠᠭ᠎ᠤᠨ ᠴᠢᠨᠠᠷᠲᠠᠶ᠎ᠪᠠᠷ ᠲᠣᠰ ᠮᠤᠵᠢ᠎ᠶ᠋ᠢᠨ ᠦᠨᠳᠦᠰᠦᠨ ᠡᠮ ᠡᠮᠨᠡᠯᠭᠡ᠎ᠶᠢᠨ ᠳᠠᠭᠠᠳᠭᠠᠯ᠎ᠤᠨ ᠡᠮᠴᠢᠯᠡᠭᠡᠨ᠎ᠦ ᠦᠶ᠋ᠯᠡᠴᠢᠯᠡᠭᠡ᠎ᠶ᠋ᠢᠨ ᠲᠥᠷᠥᠯ ᠵᠦᠶ᠋ᠯ᠎ᠦᠨ ᠭᠠᠷᠴᠠᠭ᠎ᠤᠨ ᠵᠢᠭᠰᠠᠯ ᠳ᠋ᠤ ᠣᠷᠣᠭᠤᠯᠵᠤ᠂ ᠠᠯᠪᠠᠨ᠎ᠡᠴᠡ ᠪᠠᠢᠭᠤᠯᠤᠭ᠍ᠰᠠᠨ ᠡᠮᠴᠢᠯᠡᠭᠡᠨ᠎ᠦ ᠪᠠᠢᠭᠤᠯᠤᠮᠵᠢ᠎ᠶ᠋ᠢᠨ ᠱᠢᠨ᠎ᠡ ᠲᠢᠲᠢᠮᠯᠢᠭ ᠸᠢᠷᠦ᠋ᠰ᠎ᠦᠨ ᠥᠳᠥᠭᠡᠭ᠌ᠴᠢ᠎ᠶᠢᠨ ᠪᠠᠢᠴᠠᠭᠠᠯᠲᠠ᠎ᠶᠢᠨ ᠦᠶ᠋ᠯᠡᠴᠢᠯᠡᠭᠡ ᠬᠠᠩᠭᠠᠬᠤ ᠦᠨ᠎ᠡ ᠬᠠᠩᠰᠢ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠦᠷᠭᠦᠯᠵᠢᠯᠡᠨ ᠵᠢᠷᠤᠮᠵᠢᠭᠤᠯᠤᠨ ᠱᠢᠯᠢᠳᠡᠭ᠌ᠵᠢᠭᠦᠯᠬᠦ᠌ ᠬᠡᠷᠡᠭ᠌ᠲᠡᠶ ᠭᠡᠵᠦ ᠲᠤᠳᠤᠷᠬᠠᠢᠯᠠᠪᠠ᠃

ᠡᠯ᠎ᠡ ᠮᠤᠵᠢ᠎ᠶ᠋ᠢᠨ ᠱᠠᠲᠤᠨ᠎ᠤ ᠡᠮ ᠡᠮᠨᠡᠯᠭᠡ᠎ᠶᠢᠨ ᠳᠠᠭᠠᠳᠭᠠᠯ᠎ᠤᠨ ᠰᠠᠯᠠᠭ᠎ᠠ ᠮᠥᠴᠢᠷ᠎ᠦᠳ ᠬᠠᠮᠢᠶ᠎ᠠ ᠪᠥᠬᠥᠶ ᠱᠠᠭᠠᠷᠳᠠᠯᠭ᠎ᠠ᠎ᠪᠠᠷ ᠯᠠᠪᠯᠠᠯᠲᠠ ᠪᠣᠯᠭᠠᠵᠤ᠂《ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢ ᠣᠨᠣᠱᠢᠯᠠᠨ ᠡᠮᠨᠡᠬᠦ᠌ ᠲᠥᠰᠦᠯ(ᠲᠤᠷᠱᠢᠨ ᠬᠡᠷᠡᠭ᠌ᠵᠢᠭᠦᠯᠬᠦ᠌ ᠶᠢᠰᠦᠳᠦᠭᠡᠷ ᠬᠡᠪᠯᠡᠯ)》 ᠳ᠋ᠤ ᠱᠢᠨ᠎ᠡ᠎ᠪᠡᠷ ᠨᠡᠮᠡᠭ᠌ᠳᠡᠭ᠌ᠰᠡᠨ ᠡᠮ᠎ᠦᠨ ᠵᠦᠶ᠋ᠯᠡᠰ᠎ᠢ ᠲᠦᠷ ᠴᠠᠭ᠎ᠤᠨ ᠴᠢᠨᠠᠷᠲᠠᠶ᠎ᠪᠠᠷ ᠲᠣᠰ ᠮᠤᠵᠢ᠎ᠶ᠋ᠢᠨ ᠡᠮ ᠡᠮᠨᠡᠯᠭᠡ᠎ᠶᠢᠨ ᠳᠠᠭᠠᠳᠭᠠᠯ᠎ᠤᠨ ᠰᠠᠭᠤᠷᠢ ᠮᠥᠩᠭᠥ᠎ᠶ᠋ᠢᠨ ᠲᠤᠭᠠᠴᠠᠭ᠎ᠠ ᠬᠢᠬᠦ᠌ ᠬᠡᠪᠴᠢᠶᠡᠨ᠎ᠳᠦ ᠣᠷᠣᠭᠤᠯᠵᠤ ᠂ ᠬᠠᠮᠤᠭ᠎ᠤᠨ ᠱᠢᠨ᠎ᠡ ᠬᠡᠪᠯᠡᠯ᠎ᠦᠨ ᠣᠨᠣᠱᠢᠯᠠᠨ ᠡᠮᠨᠡᠬᠦ᠌ ᠲᠥᠰᠦᠯ᠎ᠡᠴᠡ ᠱᠢᠯᠵᠢᠭᠦᠯᠦᠨ ᠭᠠᠷᠭᠠᠭ᠍ᠰᠠᠨ ᠮᠥᠷᠲᠡᠭᠡᠨ ᠦᠨᠳᠦᠰᠦᠨ ᠡᠮ ᠡᠮᠨᠡᠯᠭᠡ᠎ᠶᠢᠨ ᠳᠠᠭᠠᠳᠭᠠᠯ᠎ᠤᠨ ᠭᠠᠷᠴᠠᠭ᠎ᠤᠨ ᠳᠣᠲᠣᠷ᠎ᠠ ᠪᠠᠢᠬᠤ ᠥᠬᠡᠶ ᠡᠮ᠎ᠦᠨ ᠵᠦᠶ᠋ᠯ᠎ᠳᠦ᠂ ᠬᠠᠮᠤᠭ᠎ᠤᠨ ᠱᠢᠨ᠎ᠡ ᠬᠡᠪᠯᠡᠯ᠎ᠦᠨ ᠣᠨᠣᠱᠢᠯᠠᠨ ᠡᠮᠨᠡᠬᠦ᠌ ᠲᠥᠰᠦᠯ᠎ᠢ ᠨᠡᠢᠲᠡᠯᠡᠭ᠌ᠰᠡᠨ ᠡᠳᠦᠷ᠎ᠡᠴᠡ ᠡᠬᠢᠯᠡᠨ ᠡᠮ ᠡᠮᠨᠡᠯᠭᠡ᠎ᠶᠢᠨ ᠳᠠᠭᠠᠳᠭᠠᠯ᠎ᠤᠨ ᠲᠤᠭᠠᠴᠠᠭ᠎ᠠ ᠬᠢᠬᠦ᠌᠎ᠶ᠋ᠢ ᠵᠣᠭ᠍ᠰᠣᠭᠠᠬᠤ ᠬᠡᠷᠡᠭ᠌ᠲᠡᠶ᠃

ᠱᠢᠨ᠎ᠡ᠎ᠪᠡᠷ ᠨᠡᠮᠡᠭ᠌ᠳᠡᠭ᠌ᠰᠡᠨ ᠨᠠᠶ ᠮᠠ ᠲᠧ ᠸᠧᠶ ᠫᠢᠶᠠᠨ / ᠯᠢ ᠲᠦᠸᠧ ᠨᠠ ᠸᠧᠶ ᠡᠮ᠎ᠢ ᠡᠮᠴᠢᠯᠡᠭᠡᠨ᠎ᠦ ᠪᠠᠢᠭᠤᠯᠤᠮᠵᠢ᠎ᠡᠴᠡ ᠠᠵᠤ ᠠᠬᠤᠢᠯᠠᠯ ᠪᠣᠯᠤᠨ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠨ ᠰᠠᠨᠠᠯ ᠨᠢᠭᠡᠳᠦᠭ᠌ᠰᠡᠨ ᠦᠨ᠎ᠡ᠎ᠪᠡᠷ ᠬᠤᠳᠠᠯᠳᠤᠨ ᠠᠪᠴᠤ᠌᠂ ᠡᠮ ᠡᠮᠨᠡᠯᠭᠡ᠎ᠶᠢᠨ ᠳᠠᠭᠠᠳᠭᠠᠯ᠎ᠤᠨ ᠰᠠᠯᠠᠭ᠎ᠠ ᠮᠥᠴᠢᠷ᠎ᠡᠴᠡ ᠲᠣᠭ᠍ᠲᠠᠭᠠᠯ ᠶᠣᠰᠣᠭᠠᠷ ᠲᠤᠭᠠᠴᠠᠭ᠎ᠠ ᠬᠢᠬᠦ᠌᠎ᠶ᠋ᠢ ᠰᠠᠢᠲᠤᠷ ᠬᠢᠨ᠎ᠡ᠃

ᠮᠡᠳᠡᠭ᠌ᠳᠡᠯ᠎ᠳᠦ᠂ ᠬᠢᠵᠢᠭ᠎ᠦᠨ ᠪᠠᠢᠳᠠᠯ ᠬᠦᠨᠳᠦ ᠨᠣᠴᠢᠲᠠᠶ ᠭᠠᠵᠠᠷ ᠣᠷᠣᠨ᠎ᠤ ᠡᠮᠴᠢᠯᠡᠭᠡᠨ᠎ᠦ ᠪᠠᠢᠭᠤᠯᠤᠮᠵᠢ᠎ᠶ᠋ᠢᠨ ᠬᠡᠪ᠎ᠦᠨ ᠶᠣᠰᠣᠭᠠᠷ ᠠᠵᠢᠯᠯᠠᠬᠤ᠎ᠶ᠋ᠢ ᠳᠡᠮᠵᠢᠵᠦ᠍᠂ ᠴᠢᠬᠤᠯᠠᠲᠠᠶ ᠦᠶ᠎ᠡ᠎ᠳᠦ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢ ᠡᠮᠨᠡᠨ ᠵᠠᠰᠠᠬᠤ ᠬᠡᠰᠡᠭ ᠪᠠᠯᠠ ᠮᠥᠩᠭᠥ᠎ᠶ᠋ᠢ ᠲᠠᠰ ᠳᠠᠷᠠᠭᠠᠯᠠᠯ ᠶᠣᠰᠣᠭᠠᠷ ᠤᠷᠢᠳᠴᠢᠯᠠᠨ ᠥᠭ᠌ᠴᠦ ᠪᠣᠯᠤᠨ᠎ᠠ᠃ ᠡᠭᠦᠨ᠎ᠦ ᠬᠠᠮᠲᠤ᠂ ᠱᠢᠨ᠎ᠡ ᠲᠢᠲᠢᠮᠯᠢᠭ ᠸᠢᠷᠦ᠋ᠰ᠎ᠦᠨ ᠸᠠᠺᠼᠢᠨ ᠵᠢᠴᠢ ᠲᠠᠷᠢᠯᠭ᠎ᠠ᠎ᠶ᠋ᠢᠨ ᠵᠠᠷᠤᠳᠠᠯ᠎ᠤᠨ ᠪᠠᠲᠤᠯᠠᠭ᠎ᠠ᠎ᠶ᠋ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠪᠥᠭᠡᠮ ᠬᠦᠴᠢᠯ ᠪᠣᠯᠤᠨ ᠥᠳᠥᠭᠡᠭ᠌ᠴᠢ᠎ᠶᠢᠨ ᠪᠠᠢᠴᠠᠭᠠᠯᠲᠠ᠎ᠶᠢᠨ ᠲᠥᠷᠥᠯ ᠵᠦᠶ᠋ᠯ᠎ᠦᠨ ᠦᠨ᠎ᠡ ᠬᠠᠩᠰᠢ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠵᠤ᠂《ᠣᠷᠳᠣ ᠬᠤᠭᠤᠴᠠᠭᠠᠨ᠎ᠤ ᠵᠣᠷ》᠂ ᠢᠨᠲ᠋ᠧᠷ ᠰᠦᠯᠵᠢᠶ᠎ᠡ᠎ᠪᠡᠷ ᠣᠨᠣᠱᠢᠯᠠᠨ ᠡᠮᠨᠡᠬᠦ᠌ ᠵᠡᠷᠭᠡ ᠲᠠᠰᠤᠯᠤᠨ ᠪᠤᠳᠤᠵᠤ ᠲᠠᠩᠰᠠ ᠴᠠᠢᠷᠠᠭᠤᠯᠬᠤ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠬᠦ᠌ ᠬᠡᠷᠡᠭ᠌ᠲᠡᠶ ᠭᠡᠵᠦ ᠲᠤᠳᠤᠷᠬᠠᠢᠯᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面