ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠱᠢᠨ᠎᠎ᠡ ᠲᠢᠲᠢᠮᠯᠢᠭ ᠠᠭᠤᠰᠬᠢᠨ ᠦᠷᠪᠢᠰᠦᠯ᠎ᠦ᠋ᠨ ᠸᠠᠺᠼᠢᠨ᠎ᠤ᠋ ᠲᠠᠷᠢᠯᠭ᠎ᠠ ᠲᠠᠷᠢᠵᠤ ᠡᠭᠡᠯᠢᠯᠡᠭᠡ᠎ᠶ᠋ᠢᠨ ᠬᠠᠯᠬᠠᠪᠴᠢ᠎ᠶ᠋ᠢ ᠪᠠᠢᠭᠤᠯᠤᠶ᠎ᠠ

2022-03-27 20:18:39

ᠵᠣᠬᠢᠶᠠᠭ᠍ᠴᠢ᠄ ᠪᠤᠤ ᠢᠤᠢ ᠶᠢᠡᠭ ᠣᠩᠱᠢᠭ᠍ᠰᠠᠨ ᠣᠳᠠᠭ᠎ᠠ᠄ 3

ᠲᠦᠷᠦᠬᠦᠬᠡᠨ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠎ᠤ ᠡᠮᠴᠢᠯᠡᠭᠡᠨ ᠎ᠦ ᠪᠠᠲᠤᠯᠠᠭ᠎ᠠ ᠎ᠶ᠋ᠢᠨ ᠲᠣᠪᠴᠢᠶ᠎ᠠ ᠎ᠡᠴᠡ ᠣᠢᠯᠠᠭᠠᠭ᠍ᠰᠠᠨ ᠎ᠢᠶᠠᠷ᠂ ᠬᠢᠵᠢᠭ ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ ᠡᠮᠴᠢᠯᠡᠭᠡᠨ᠎ᠦ ᠪᠠᠲᠤᠯᠠᠭ᠎ᠠ ᠎ᠶ᠋ᠢᠨ ᠠᠵᠢᠯ ᠎ᠢ ᠪᠥᠬᠥ᠌ ᠬᠦᠴᠦᠨ᠎ᠢᠶᠡᠷ ᠎ᠢᠶᠡᠨ ᠰᠠᠢᠲᠤᠷ ᠬᠢᠵᠦ᠍᠂ 《 ᠬᠣᠶᠠᠷ ᠎ᠢ ᠪᠠᠲᠤᠯᠠᠬᠤ 》 ᠲᠥᠷᠥ ᠎ᠶ᠋ᠢᠨ ᠪᠣᠳᠣᠯᠭ᠎ᠠ ᠎ᠶ᠋ᠢ ᠦᠷᠭᠦᠯᠵᠢᠯᠡᠨ ᠨᠠᠢᠳᠠᠪᠤᠷᠢᠵᠢᠭᠤᠯᠬᠤ᠎ᠶ᠋ᠢᠨ ᠲᠥᠯᠥᠭᠡ᠂ ᠨᠢᠳᠤᠨᠤᠨ ᠪᠥᠬᠥ᠌ ᠣᠷᠣᠨ ᠎ᠤ 3967.6 ᠲᠦᠮᠡᠨ ᠬᠥᠮᠦᠨ ᠤᠳᠠᠭ᠎ᠠ ᠎ᠳᠤ ᠸᠠᠺᠼᠢᠨ ᠳᠠᠷᠢᠵᠤ᠂ ᠡᠮᠴᠢᠯᠡᠭᠡᠨ ᠎ᠦ ᠳᠠᠭᠠᠳᠭᠠᠯ ᠎ᠤᠨ ᠰᠠᠭᠤᠷᠢ ᠮᠥᠩᠭᠥ ᠎ᠶ᠋ᠢᠨ ᠳ᠋ᠦᠩᠨᠡᠨ ᠪᠤᠳᠤᠭ᠍ᠰᠠᠨ ᠵᠠᠷᠤᠳᠠᠯ 20.31 ᠳ᠋ᠦᠩᠱᠢᠭᠤᠷ ᠲᠥᠭᠥᠷᠢᠭ ᠎ᠲᠦ ᠬᠦᠷᠴᠦ᠍᠂ ᠲᠣᠭ᠍ᠲᠠᠭ᠍ᠰᠠᠨ ᠴᠡᠭ ᠤ᠋ᠨ ᠡᠮᠴᠢᠯᠡᠭᠡᠨ ᠎ᠦ ᠪᠠᠢᠭᠤᠯᠤᠮᠵᠢ ᠎ᠳᠤ 1.06 ᠳ᠋ᠦᠩᠱᠢᠭᠤᠷ ᠲᠥᠭᠥᠷᠢᠭ ᠎ᠦᠨ ᠲᠤᠰᠭᠠᠶ ᠪᠠᠯᠠ ᠮᠥᠩᠭᠥ ᠎ᠶ᠋ᠢ ᠤᠷᠢᠳᠴᠢᠯᠠᠨ ᠪᠠᠭᠤᠯᠭᠠᠵᠠᠢ᠃

ᠣᠢᠯᠠᠭᠠᠭ᠍ᠰᠠᠨ ᠎ᠢᠶᠠᠷ᠂ ᠪᠥᠬᠥ᠌ ᠵᠢᠯ ᠎ᠳᠦ ᠲᠣᠭ᠍ᠲᠠᠭ᠍ᠰᠠᠨ ᠴᠡᠭ ᠤ᠋ᠨ ᠡᠮ ᠡᠮᠨᠡᠯᠭᠡ ᠎ᠶ᠋ᠢᠨ ᠪᠠᠢᠭᠤᠯᠤᠮᠵᠢ ᠎ᠶ᠋ᠢ ᠨᠡᠢᠲᠡ 18283 ᠪᠠᠢᠴᠠᠭᠠᠵᠤ᠂ ᠲᠣᠭ᠍ᠲᠠᠭ᠍ᠰᠠᠨ ᠴᠡᠭ ᠤ᠋ᠨ ᠡᠮ ᠡᠮᠨᠡᠯᠭᠡ ᠎ᠶ᠋ᠢᠨ ᠪᠠᠢᠭᠤᠯᠤᠮᠵᠢ ᠎ᠶ᠋ᠢ 6578 ᠱᠢᠶ᠋ᠳᠪᠦᠷᠢᠯᠡᠵᠦ᠍᠂ ᠡᠮ ᠡᠮᠨᠡᠯᠭᠡ ᠎ᠶ᠋ᠢᠨ ᠳᠠᠭᠠᠳᠭᠠᠯ ᠎ᠤᠨ ᠰᠠᠭᠤᠷᠢ ᠮᠥᠩᠭᠥ᠌ ᠵᠢᠴᠢ ᠭᠡᠷ᠎ᠡ ᠵᠥᠷᠢᠴᠡᠭ᠌ᠰᠡᠨ ᠮᠥᠩᠭᠥ ᠎ᠶ᠋ᠢ 2.8 ᠳ᠋ᠦᠩᠱᠢᠭᠤᠷ ᠲᠥᠭᠥᠷᠢᠭ ᠨᠡᠬᠡᠮᠵᠢᠯᠡᠨ ᠠᠪᠴᠢᠷᠠᠪᠠ᠃ ᠡᠭᠦᠨ ᠎ᠡᠴᠡ ᠭᠠᠳᠠᠨ᠎ᠠ᠂ ᠤᠯᠤᠰ᠂ ᠮᠤᠵᠢ ᠎ᠶ᠋ᠢᠨ ᠬᠣᠭᠣᠷᠣᠨᠳᠣᠬᠢ ᠬᠣᠯᠪᠣᠭ᠎ᠠ ᠪᠠ ᠥᠪᠡᠷᠲᠡᠭᠡᠨ ᠵᠠᠰᠠᠬᠤ ᠣᠷᠣᠨ ᠎ᠤ ᠵᠣᠬᠢᠶᠠᠨ ᠪᠠᠢᠭᠤᠯᠤᠭ᠍ᠰᠠᠨ ᠡᠮ ᠎ᠦᠨ ᠵᠦᠶ᠋ᠯᠡᠰ ᠪᠠ ᠬᠣᠷᠣᠭ᠍ᠳᠠᠯ ᠮᠠᠲ᠋ᠧᠷᠢᠶᠠᠯ ᠎ᠢ ᠲᠥᠪᠯᠡᠷᠡᠭᠦᠯᠦᠨ ᠬᠤᠳᠠᠯᠳᠤᠨ ᠠᠪᠬᠤ ᠎ᠶ᠋ᠢ ᠨᠠᠢᠳᠠᠪᠤᠷᠢᠵᠢᠭᠤᠯᠵᠤ᠂ 250 ᠭᠠᠷᠤᠶ ᠵᠦᠶ᠋ᠯ ᠎ᠦᠨ ᠡᠮ ᠎ᠦᠨ ᠵᠦᠶ᠋ᠯᠡᠰ᠎ᠦᠨ ᠳᠤᠮᠳᠠᠴᠢ ᠪᠠᠭᠤᠷᠠᠯᠲᠠ ᠎ᠶ᠋ᠢᠨ ᠬᠡᠮᠵᠢᠶ᠎ᠡ ᠎ᠨᠢ 75.45%᠎ᠳ᠋ᠤ ᠬᠦᠷᠴᠦ᠍᠂ ᠲᠢᠲᠢᠮ ᠰᠤᠳᠠᠯ ᠎ᠤᠨ ᠲᠤᠯᠬᠤ ᠵᠢᠶᠠᠰᠠ ᠵᠡᠷᠭᠡ ᠥᠨᠳᠥᠷ ᠥᠷᠲᠡᠭ᠌ᠲᠦ ᠬᠣᠷᠣᠭ᠍ᠳᠠᠯ ᠮᠠᠲ᠋ᠧᠷᠢᠶᠠᠯ ᠎ᠤᠨ ᠳᠤᠮᠳᠠᠴᠢ ᠪᠠᠭᠤᠷᠠᠯᠲᠠ ᠎ᠶ᠋ᠢᠨ ᠬᠡᠮᠵᠢᠶ᠎ᠡ ᠎ᠨᠢ 72.31% ᠎ᠳ᠋ᠤ ᠬᠦᠷᠴᠡᠶ᠃ ᠤᠯᠤᠰ ᠎ᠤᠨ ᠬᠡᠯᠡᠯᠴᠡᠭᠡ ᠬᠢᠭ᠌ᠰᠡᠨ ᠡᠮ ᠎ᠦᠨ ᠵᠦᠶ᠋ᠯᠡᠰ ᠎ᠢ ᠴᠠᠭ ᠲᠤᠬᠠᠶ᠎ᠳᠤᠨᠢ ᠡᠮ ᠡᠮᠨᠡᠯᠭᠡ ᠎ᠶ᠋ᠢᠨ ᠳᠠᠭᠠᠳᠭᠠᠯ ᠎ᠤᠨ ᠲᠣᠭᠠᠴᠠᠭ᠎ᠠ ᠬᠢᠬᠦ᠌ ᠬᠡᠪᠴᠢᠶᠡᠨ᠎ᠳᠦ ᠣᠷᠣᠭᠤᠯᠵᠤ᠂ ᠨᠡᠢᠲᠡ 81.36 ᠲᠦᠮᠡᠨ ᠬᠥᠮᠦᠨ ᠤᠳᠠᠭ᠎ᠠ ᠎ᠳᠤ ᠠᠱᠢᠭ ᠬᠦᠷᠲᠡᠭᠡᠪᠡ ᠃

ᠤᠨᠳᠤᠤ ᠭᠠᠵᠠᠷ ᠎ᠲᠤ ᠡᠮᠨᠡᠭᠦᠯᠦᠭ᠌ᠰᠡᠨ ᠵᠠᠷᠤᠳᠠᠯ ᠎ᠢ ᠱᠢᠭᠤᠳ ᠲᠡᠰᠦᠯᠦᠨ ᠪᠤᠳᠤᠬᠤ ᠎ᠶ᠋ᠢ ᠠᠬᠢᠭᠤᠯᠬᠤ ᠲᠠᠯ᠎ᠠ ᠎ᠪᠠᠷ᠂ ᠮᠤᠵᠢ ᠠᠯᠤᠰᠯᠠᠨ ᠤᠨᠳᠤᠤ ᠭᠠᠵᠠᠷ ᠎ᠲᠤ ᠡᠮᠨᠡᠭᠦᠯᠦᠭ᠌ᠰᠡᠨ ᠡᠮᠨᠡᠯᠭᠡ ᠎ᠳᠦ ᠰᠠᠭᠤᠭ᠍ᠰᠠᠨ ᠵᠠᠷᠤᠳᠠᠯ ᠎ᠢ ᠱᠢᠭᠤᠳ ᠲᠡᠰᠦᠯᠦᠨ ᠪᠤᠳᠤᠬᠤ᠎ᠶ᠋ᠢ ᠪᠥᠬᠥ᠌ ᠲᠠᠯ᠎ᠠ ᠎ᠪᠠᠷ ᠪᠡᠶᠡᠯᠡᠭᠦᠯᠦᠭ᠌ᠰᠡᠨ ᠰᠠᠭᠤᠷᠢᠨ ᠳᠡᠭᠡᠷ᠎ᠡ᠂ ᠮᠤᠵᠢ ᠠᠯᠤᠰᠯᠠᠭ᠍ᠰᠠᠨ ᠡᠭᠦᠳᠡᠨ ᠡᠮᠨᠡᠯᠭᠡ ᠎ᠶ᠋ᠢᠨ ᠵᠠᠷᠤᠳᠠᠯ ᠎ᠢ ᠱᠢᠭᠤᠳ ᠲᠡᠰᠦᠯᠦᠨ ᠪᠤᠳᠤᠬᠤ᠎ᠶ᠋ᠢ ᠨᠡᠢᠳᠡᠮ ᠪᠥᠷᠬᠥᠭᠦᠯᠬᠦ᠌ ᠎ᠶ᠋ᠢ ᠪᠡᠶᠡᠯᠡᠭᠦᠯᠤᠨ᠂ ᠪᠥᠬᠥ᠌ ᠵᠢᠯ ᠎ᠳᠦ ᠮᠤᠵᠢ ᠠᠯᠤᠰᠯᠠᠨ ᠡᠮᠨᠡᠯᠭᠡ ᠎ᠳᠦ ᠰᠠᠭᠤᠭ᠍ᠰᠠᠨ ᠵᠠᠷᠤᠳᠠᠯ ᠎ᠢ ᠨᠡᠢᠲᠡ 22.03 ᠲᠦᠮᠡᠨ ᠬᠥᠮᠦᠨ ᠤᠳᠠᠭ᠎ᠠ ᠲᠡᠰᠦᠯᠦᠨ ᠪᠤᠳᠤᠵᠤ ᠂ ᠡᠮ ᠡᠮᠨᠡᠯᠭᠡ᠎ᠶ᠋ᠢᠨ ᠳᠠᠭᠠᠳᠭᠠᠯ᠎ᠤᠨ ᠰᠠᠭᠤᠷᠢ ᠮᠥᠩᠭᠥ ᠎ᠶ᠋ᠢᠨ ᠵᠠᠷᠤᠯᠭ᠎ᠠ ᠎ᠶ᠋ᠢ 32.31 ᠳ᠋ᠦᠩᠱᠢᠭᠤᠷ ᠲᠥᠭᠥᠷᠢᠭ ᠲᠣᠬᠢᠷᠠᠭᠤᠯᠪᠠ᠃ ᠡᠭᠦᠳᠡᠨ ᠡᠮᠨᠡᠯᠭᠡ ᠎ᠶ᠋ᠢᠨ ᠵᠠᠷᠤᠳᠠᠯ ᠎ᠢ ᠮᠤᠵᠢ ᠠᠯᠤᠰᠯᠠᠨ 9.21 ᠲᠦᠮᠡᠨ ᠬᠥᠮᠦᠨ ᠤᠳᠠᠭ᠎ᠠ ᠱᠢᠭᠤᠳ ᠲᠡᠰᠦᠯᠦᠨ ᠪᠤᠳᠤᠵᠤ ᠂ ᠡᠮ ᠡᠮᠨᠡᠯᠭᠡ ᠎ᠶ᠋ᠢᠨ ᠳᠠᠭᠠᠳᠭᠠᠯ ᠎ᠤᠨ ᠰᠠᠭᠤᠷᠢ ᠮᠥᠩᠭᠥ ᠎ᠶ᠋ᠢᠨ ᠵᠠᠷᠤᠯᠭ᠎ᠠ 1393.42 ᠲᠦᠮᠡᠨ ᠲᠥᠭᠥᠷᠢᠭ ᠲᠸ᠋ ᠬᠦᠷᠴᠡᠶ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面