2022-04-20 09:40:46
4 ᠰᠠᠷ᠎ᠠ᠎ᠶ᠋ᠢᠨ 19᠎ᠦ ᠡᠳᠦᠷ᠂ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠬᠠᠮᠲᠤᠷᠠᠨ ᠰᠡᠷᠭᠡᠢᠯᠡᠵᠦ᠍ ᠬᠠᠮᠲᠤᠷᠠᠨ ᠡᠵᠡᠮᠳᠡᠬᠦ᠌ ᠲᠣᠭ᠍ᠲᠠᠴᠠ ᠶ᠋ᠢᠨ ᠬᠢᠨ ᠰᠣᠨᠢᠨ ᠮᠡᠳᠡᠭᠡ ᠨᠡᠢᠲᠡᠯᠡᠬᠦ᠌ ᠬᠤᠷᠠᠯ ᠬᠤᠷᠠᠯᠳᠤᠭᠤᠯᠵᠦ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠴᠢᠩᠭ᠎ᠠ ᠪᠣᠳᠠᠲᠠᠶ ᠰᠠᠢᠲᠤᠷ ᠠᠳᠭᠤᠭ᠍ᠰᠠᠨ ᠪᠠᠢᠳᠠᠯ᠎ᠢ ᠲᠠᠨᠢᠯᠴᠠᠭᠤᠯᠪᠠ᠃ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠦᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠣᠪᠴᠢᠶ᠎ᠠ᠎ᠶ᠋ᠢᠨ ᠳᠡᠳ᠋ ᠳᠠᠷᠤᠭ᠎ᠠ ᠦ᠋ ᠯᠢᠶᠠᠩ ᠶᠧᠦ ᠲᠠᠨᠢᠯᠴᠠᠭᠤᠯᠬᠤ᠎ᠳᠠᠭᠠᠨ᠂ 4 ᠰᠠᠷ᠎ᠠ᠎ᠶ᠋ᠢᠨ 18 ᠤ ᠡᠳᠦᠷ ᠪᠣᠯᠲᠠᠯ᠎ᠠ᠂ ᠪᠥᠬᠥ᠌ ᠤᠯᠤᠰ᠎ᠲᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠸᠠᠺᠼᠢᠨ᠎ᠢ ᠨᠡᠢᠲᠡ 33 ᠳ᠋ᠦᠩᠱᠢᠭᠤᠷ 1746.3 ᠲᠦᠮᠡᠨ ᠤᠳᠠᠭ᠎ᠠ ᠳᠠᠷᠢᠵᠤ᠂ ᠳᠠᠷᠢᠭ᠍ᠰᠠᠨ ᠪᠥᠬᠥ᠌ ᠬᠥᠮᠦᠨ᠎ᠦ ᠲᠣᠭ᠎ᠠ 12 ᠳ᠋ᠦᠩᠱᠢᠭᠤᠷ 8212 ᠲᠦᠮᠡ ᠪᠠᠢᠵᠤ᠂ ᠪᠥᠬᠥ᠌ ᠲᠠᠷᠢᠯᠭ᠎ᠠ᠎ᠶᠢ ᠳᠠᠷᠢᠭ᠍ᠰᠠᠨ ᠬᠥᠮᠦᠨ᠎ᠦ ᠲᠣᠭ᠎ᠠ 12 ᠳ᠋ᠦᠩᠱᠢᠭᠤᠷ 4676.9 ᠲᠦᠮᠡ᠎ᠳᠦ ᠬᠦᠷᠴᠦ᠍᠂ ᠬᠠᠮᠤᠷᠤᠭ᠍ᠰᠠᠨ ᠬᠥᠮᠦᠨ᠎ᠦ ᠲᠣᠭ᠎ᠠ ᠪᠠ ᠪᠥᠬᠥ᠌ ᠶᠠᠪᠤᠴᠠ᠎ᠳᠤ ᠳᠠᠷᠢᠭ᠍ᠰᠠᠨ ᠬᠥᠮᠦᠨ᠎ᠦ ᠲᠣᠭ᠎ᠠ᠎ᠨᠢ ᠲᠣᠰ ᠲᠣᠰ ᠪᠥᠬᠥ᠌ ᠤᠯᠤᠰ᠎ᠤᠨ ᠪᠥᠬᠥ᠌ ᠬᠥᠮᠦᠨ ᠠᠮᠠ᠎ᠶ᠋ᠢᠨ 90.94% ᠪᠠ 88.43%᠎ᠶ᠋ᠢ ᠡᠵᠡᠯᠡᠪᠡ᠃ 60 ᠨᠠᠰᠤᠨ᠎ᠠᠴᠠ ᠳᠡᠭᠡᠭ᠌ᠰᠢᠬᠢ ᠨᠠᠰᠤᠲᠠᠢᠴᠤᠳ᠎ᠤᠨ ᠸᠠᠺᠼᠢᠨ᠎ᠤ ᠲᠠᠷᠢᠯᠭ᠎ᠠ ᠲᠠᠷᠢᠬᠰᠡᠨ ᠬᠥᠮᠦᠨ᠎ᠦ ᠲᠣᠭ᠎ᠠ 2 ᠳ᠋ᠦᠩᠱᠢᠭᠤᠷ 2552.1 ᠲᠦᠮᠡ᠎ᠳᠦ ᠬᠦᠷᠴᠦ᠍᠂ ᠪᠥᠬᠥ᠌ ᠲᠠᠷᠢᠯᠭ᠎ᠠ᠎ᠶᠢ ᠲᠠᠷᠢᠬᠰᠡᠨ ᠨᠠᠰᠤᠲᠠᠢᠴᠤᠳ 2 ᠳ᠋ᠦᠩᠱᠢᠭᠤᠷ 1393.8 ᠲᠦᠮᠡ ᠲᠤᠯᠵᠦ᠂ ᠲᠠᠷᠢᠯᠭ᠎ᠠ ᠲᠠᠷᠢᠬᠰᠡᠨ ᠬᠥᠮᠦᠨ᠎ᠦ ᠲᠣᠭ᠎ᠠ ᠪᠣᠯᠤᠨ ᠪᠥᠬᠥ᠌ ᠲᠠᠷᠢᠯᠭ᠎ᠠ᠎ᠶᠢ ᠲᠠᠷᠢᠬᠰᠡᠨ ᠬᠥᠮᠦᠨ᠎ᠦ ᠲᠣᠭ᠎ᠠ ᠲᠣᠰ ᠲᠣᠰ ᠨᠠᠰᠤᠲᠠᠢᠴᠤᠳ᠎ᠤᠨ ᠬᠥᠮᠦᠨ ᠠᠮᠠ᠎ᠶ᠋ᠢᠨ 85.41% ᠪᠠ 81.03% ᠶ᠋ᠢ ᠡᠵᠡᠯᠡᠪᠡ᠃
ᠣᠳᠣᠬᠠᠨ᠎ᠳᠤ᠂ ᠱᠢᠨ᠎ᠡ ᠲᠢᠲᠢᠮᠯᠢᠭ ᠸᠢᠷᠦ᠋ᠰ᠎ᠦᠨ ᠸᠠᠺᠼᠢᠨ᠎ᠤ ᠲᠠᠷᠢᠯᠭ᠎ᠠ ᠶᠡᠷᠦᠩᠬᠡᠶ ᠳᠡᠭᠡᠨ ᠤᠷᠤᠭ᠍ᠰᠢᠲᠠᠶ ᠶᠠᠪᠤᠭ᠍ᠳᠠᠵᠤ᠂ ᠡᠭᠡᠯᠢᠯᠡᠭᠡ᠎ᠵᠢ ᠴᠢᠨᠭᠭᠠᠳᠬᠠᠬᠤ ᠲᠠᠷᠢᠯᠭ᠎ᠠ ᠵᠢᠨ ᠠᠵᠢᠯ ᠴᠤ᠌ ᠡᠮᠬᠢ ᠵᠢᠷᠤᠮ᠎ᠲᠠᠶ ᠶᠠᠪᠤᠭ᠍ᠳᠠᠵᠤ ᠪᠠᠢᠨ᠎ᠠ᠃ ᠣᠢᠷ᠎ᠠ᠎ᠶ᠋ᠢᠨ ᠬᠤᠭᠤᠴᠠᠭᠠᠨ᠎ᠳᠤ᠂ ᠨᠠᠰᠤᠲᠠᠢᠴᠤᠳ᠎ᠤᠨ ᠲᠠᠷᠢᠯᠭ᠎ᠠ ᠲᠠᠷᠢᠬᠤ ᠨᠣᠷᠮ᠎ᠠ ᠴᠤ᠌ ᠠᠯᠬᠤᠮ ᠠᠯᠬᠤᠮ᠎ᠢᠶᠠᠷ ᠳᠡᠭᠡᠭ᠌ᠰᠢᠯᠡᠵᠦ᠍ ᠪᠠᠢᠨ᠎ᠠ ᠃
ᠢᠷᠡᠯᠲᠡ᠄ ᠪᠡᠭᠡᠵᠢᠩ᠎ᠤᠨ ᠡᠳᠦᠷ᠎ᠤᠨ ᠰᠤᠨᠢᠨ᠎ᠤ ᠰᠢᠯᠵᠢᠶ᠎ᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃