2022-04-20 11:24:30
ᠣᠳᠣᠬᠠᠨ ᠳᠤ 3 ᠨᠠᠰᠤᠨ ᠠᠴᠠ ᠳᠣᠷᠣᠭ᠍ᠰᠢᠬᠢ ᠬᠡᠦᠬᠡᠳ ᠲᠦ ᠱᠢᠨ᠎ᠡ ᠲᠢᠲᠢᠮᠯᠢᠭ ᠸᠢᠷᠦ᠋ᠰ᠎ᠦᠨ ᠸᠠᠺᠼᠢᠨ ᠢ ᠬᠠᠷᠠᠬᠠᠨ ᠲᠠᠷᠢᠭᠠᠳᠤᠢ ᠪᠠᠢᠭ᠍ᠰᠠᠭᠠᠷ᠂ ᠲᠡᠭᠡᠪᠡᠯ 3 ᠨᠠᠰᠤᠨ ᠡᠴᠡ ᠲᠤᠷᠤᠬᠰᠢᠬᠢ ᠬᠡᠤᠬᠡᠳ᠎ᠢ ᠬᠡᠷᠬᠢᠨ ᠬᠠᠮᠠᠭᠠᠯᠠᠬᠤ ᠪᠤᠢ?ᠡᠳᠡᠭᠡᠷ ᠰᠠᠨᠠᠭᠤᠯᠭ᠎ᠠ᠎ᠶ᠋ᠢ ᠠᠩᠬᠠᠷᠤᠭᠠᠷᠠᠢ!

1. ᠨᠢᠯᠬ᠎ᠠ ᠬᠡᠦᠬᠡᠳ᠎ᠦᠨ ᠡᠳᠦᠷ ᠲᠤᠲᠤᠮ᠎ᠤᠨ ᠠᠮᠢᠳᠤᠷᠠᠯ᠎ᠤᠨ ᠬᠡᠷᠡᠭ᠌ᠰᠡᠯ᠎ᠢ ᠲᠤᠰᠠᠭᠠᠷ ᠬᠡᠷᠡᠭ᠌ᠯᠡᠨ᠎ᠡ᠃ ᠭᠡᠷ᠎ᠦᠨ ᠠᠬᠠᠮᠠᠳ ᠬᠡᠦᠬᠡᠳ᠎ᠢ ᠰᠠᠢᠨ ᠰᠠᠢᠬᠠᠨ ᠡᠷᠡᠭᠦᠯ ᠬᠠᠮᠠᠭᠠᠯᠠᠯ᠎ᠤᠨ ᠳᠠᠳᠭᠠᠯ᠎ᠲᠠᠶ ᠪᠣᠯᠭᠠᠬᠤ ᠬᠡᠷᠡᠭ᠌ᠲᠡᠶ᠂ ᠡᠭᠦᠨ᠎ᠳᠦ ᠭᠠᠷ᠎ᠢ ᠨᠢ ᠦᠷᠭᠦᠯᠵᠢ ᠤᠬᠢᠶᠠᠯᠭᠠᠬᠤ᠂ ᠳᠤᠷ᠎ᠠ ᠪᠠᠷ ᠬᠦᠷᠦᠯᠴᠡᠭᠦ ᠦᠭᠡᠢ᠂ ᠭᠠᠷ᠎ᠢᠶᠠᠨ ᠠᠮᠠᠨ ᠳ᠋ᠠᠭᠠᠨ ᠬᠢᠭᠦ ᠦᠭᠡᠢ᠂ ᠬᠠᠮᠠᠷ᠎ᠢᠶᠠᠨ ᠮᠠᠯᠲᠠᠬᠤ ᠦᠭᠡᠢ᠂ ᠨᠢᠳᠦ᠍᠎ᠪᠡᠨ ᠨᠤᠬᠤᠯᠠᠬᠤ ᠦᠭᠡᠢ ᠵᠡᠷᠭᠡ ᠪᠠᠭ᠍ᠲᠠᠨ᠎ᠠ᠃
2. ᠨᠢᠯᠬ᠎ᠠ ᠬᠡᠦᠬᠡᠳ᠎ᠦᠨ ᠬᠡᠷ᠎ᠦᠨ ᠠᠬᠠᠮᠠᠳ᠂ ᠬᠢᠨᠠᠨ ᠬᠠᠮᠠᠭᠠᠯᠠᠭ᠍ᠴᠢ᠂ ᠬᠠᠷᠠᠭᠠᠯᠵᠠᠨ ᠬᠠᠮᠠᠭᠠᠯᠠᠭ᠍ᠴᠢ᠂ ᠬᠠᠮᠲᠤ ᠰᠠᠭᠤᠭ᠎ᠠ ᠬᠥᠮᠦᠨ ᠵᠢᠴᠢ ᠨᠢᠯᠬ᠎ᠠ ᠬᠡᠦᠬᠡᠳ᠎ᠲᠦ ᠦᠶ᠋ᠯᠡᠴᠢᠯᠡᠭᠴᠢ ᠪᠥᠬᠥ᠌ ᠶᠠᠪᠤᠴᠠ᠎ᠳᠤ ᠸᠠᠺᠼᠢᠨ ᠳᠠᠷᠢᠬᠤ ᠬᠡᠷᠡᠭ᠌ᠲᠡᠶ᠂ ᠡᠨᠡ ᠨᠢ ᠥᠪᠡᠷ᠎ᠢ᠎ᠪᠡᠨ ᠬᠠᠮᠠᠭᠠᠯᠠᠬᠤ ᠮᠥᠷᠲᠡᠭᠡᠨ ᠪᠠᠰᠠ ᠬᠡᠦᠬᠡᠳ᠎ᠢ ᠬᠠᠮᠠᠭᠠᠯᠠᠬᠤ ᠶᠠᠪᠤᠳᠠᠯ ᠪᠣᠯᠤᠨ᠎ᠠ᠃
3. ᠨᠢᠯᠬ᠎ᠠ ᠬᠡᠦᠬᠡᠳ ᠠᠮᠢᠰᠭᠤᠯ ᠤᠨ ᠵᠠᠮ ᠤᠨ ᠡᠪᠡᠳᠴᠢᠨᠬᠦᠷᠪᠡᠯ᠂ ᠠᠯᠢ ᠴᠢᠳᠠᠬᠤ᠎ᠪᠠᠷ ᠭᠠᠳᠠᠭ᠍ᠰᠢ ᠭᠠᠷᠬᠤ᠎ᠶ᠋ᠢ ᠨᠢ ᠪᠠᠭᠠᠰᠭᠠᠵᠤ᠂ ᠭᠠᠳᠠᠭ᠍ᠰᠢ ᠭᠠᠷᠬᠤ ᠴᠢᠬᠤᠯᠠᠲᠠᠶ ᠪᠣᠯ ᠠᠮᠠᠪᠴᠢ᠎ᠵᠢ ᠵᠥᠪᠵᠡᠭᠦᠯᠭᠡᠭᠦ ᠬᠡᠷᠡᠭ᠌ᠲᠡᠶ᠃

4. ᠴᠤᠭ᠍ᠯᠠᠷᠠᠯ᠎ᠢ ᠪᠠᠭᠠᠰᠭᠠᠵᠦ᠂ ᠤᠯᠠᠨ ᠨᠡᠢᠲᠡ᠎ᠶ᠋ᠢᠨ ᠲᠠᠯᠠᠪᠤᠷ ᠪᠠ ᠪᠢᠲᠡᠭᠦᠮᠵᠢᠯᠡᠭ᠌ᠰᠡᠨ ᠣᠷᠣᠨ ᠵᠠᠢ ᠳ᠋ᠤ ᠤᠴᠢᠬᠤ ᠪᠠᠨ ᠠᠯᠢ ᠴᠢᠳᠠᠬᠤ᠎ᠪᠠᠷ ᠪᠠᠭᠠᠰᠭᠠᠵᠤ᠂ ᠬᠠᠯᠳᠠᠪᠤᠷᠢᠯᠠᠯ᠎ᠤᠨ ᠲᠦᠭ᠌ᠰᠢᠭᠦᠷᠢ ᠶ᠋ᠢ ᠪᠠᠭᠤᠷᠠᠭᠤᠯᠬᠤ ᠬᠡᠷᠡᠭ᠌ᠲᠡᠢ᠃ ᠠᠯᠢ ᠴᠢᠳᠠᠬᠤ ᠪᠠᠷ ᠬᠡᠦᠬᠡᠳ᠎ᠦᠨ ᠡᠮᠨᠡᠯᠭᠡ ᠳᠦ ᠡᠪᠡᠳᠴᠢᠨ ᠦᠵᠡᠭᠦᠯᠬᠦ᠌ ᠪᠤᠶᠤ ᠸᠠᠺᠼᠢᠨ ᠤ ᠲᠠᠷᠢᠯᠭ᠎ᠠ ᠵᠢᠨ ᠴᠠᠭ ᠢ ᠪᠣᠭᠣᠨᠢᠰᠭᠠᠵᠤ᠂ ᠬᠡᠷ᠎ᠲᠡᠬᠡᠨ ᠬᠠᠷᠢᠭ᠍ᠰᠠᠨ᠎ᠤ ᠳᠠᠷᠠᠭ᠎ᠠ ᠴᠠᠭ ᠲᠤᠬᠠᠶ ᠳᠤᠨᠢ ᠭᠠᠷ ᠢᠶᠠᠨ ᠤᠬᠢᠶᠠᠬᠤ ᠬᠡᠷᠡᠭ᠌ᠲᠡᠶ᠃
5. ᠭᠠᠳᠠᠭ᠍ᠰᠢ ᠭᠠᠷᠬᠤ᠎ᠠᠴᠠ ᠡᠮᠦᠨ᠎ᠡ᠂ ᠭᠡᠷ᠎ᠦᠨ ᠠᠬᠠᠮᠠᠳ ᠠᠶᠠᠨ ᠵᠠᠮ᠎ᠢᠶᠠᠨ ᠵᠣᠬᠢᠰᠲᠠᠢ ᠲᠥᠯᠥᠪᠵᠢᠭᠦᠯᠵᠦ᠍᠂ ᠬᠥᠮᠦᠨ ᠴᠥᠭᠡᠨ᠂ ᠰᠠᠯᠬᠢ ᠰᠠᠢᠨ ᠨᠡᠪᠲᠡᠷᠡᠬᠦ᠌ ᠭᠠᠵᠠᠷ ᠢ ᠰᠣᠩᠭᠣᠵᠤ ᠨᠠᠭᠠᠳᠤᠭᠤᠯᠤᠨ᠎ᠠ; ᠭᠠᠳᠠᠭ᠍ᠰᠢ ᠭᠠᠷᠪᠠᠯ᠂ ᠬᠡᠦᠬᠡᠳ᠎ᠤᠨ ᠱᠢᠭᠤᠳ ᠭᠠᠷ᠎ᠢᠶᠠᠷ᠎ᠢᠶᠠᠨ ᠨᠡᠢᠲᠡ᠎ᠶ᠋ᠢᠨ ᠪᠣᠳᠠᠰ ᠲᠠᠢ ᠬᠦᠷᠦᠯᠴᠡᠭᠦ ᠡᠴᠡ ᠵᠠᠢᠯᠠᠰᠭᠢᠵᠦ᠍᠂ ᠬᠦᠷᠦᠯᠴᠡᠪᠡᠯ ᠴᠠᠭ ᠲᠤᠬᠠᠢᠳᠤᠨᠢ ᠭᠠᠷ᠎ᠢ ᠨᠢ ᠤᠬᠢᠶᠠᠬᠤ ᠬᠡᠷᠡᠭ᠌ᠲᠡᠢ᠃
6. ᠭᠡᠷ᠎ᠦᠨ ᠠᠬᠠᠮᠠᠳ ᠬᠡᠦᠬᠡᠳ᠎ᠤᠨ ᠨᠢᠳᠦᠨ᠎ᠦ ᠡᠷᠡᠭᠦᠯ ᠬᠠᠮᠠᠭᠠᠯᠠᠯ ᠢ ᠠᠩᠬᠠᠷᠴᠤ᠌᠂ ᠤᠢᠷ᠎ᠠ ᠬᠠᠷᠠᠭ᠎ᠠ ᠶ᠋ᠢ ᠰᠡᠷᠭᠡᠢᠯᠡᠨ ᠡᠵᠡᠮᠳᠡᠬᠦ᠌ ᠬᠡᠷᠡᠭ᠌ᠲᠡᠶ᠃ ᠬᠥᠳᠡᠯᠭᠡᠭᠡᠨ ᠢ ᠱᠢᠨᠵᠢᠯᠡᠬᠦ᠌ ᠤᠬᠠᠭᠠᠨᠴᠢ ᠪᠡᠷ ᠵᠤᠬᠢᠰᠳᠠᠢ ᠬᠢᠵᠦ᠍᠂ ᠱᠢᠮ᠎ᠡ ᠲᠡᠵᠢᠭᠡᠯᠲᠦ ᠢᠳᠡᠭᠡᠨ᠎ᠢ ᠨᠢ ᠲᠡᠩᠴᠡᠭᠦᠯᠵᠦ᠍᠂ ᠪᠡᠶ᠎ᠡ ᠮᠠᠬᠠᠪᠣᠳ᠎ᠤᠨ ᠡᠭᠡᠯᠢᠯᠡᠭᠡ ᠵᠢᠨ ᠴᠢᠳᠠᠪᠤᠷᠢ᠎ᠶ᠋ᠢ ᠨᠢ ᠳᠡᠭᠡᠭ᠌ᠰᠢᠯᠡᠭᠦᠯᠦᠨ᠎ᠡ᠃

7. ᠭᠡᠷ᠎ᠦᠨ ᠠᠬᠠᠮᠠᠳ᠂ ᠬᠢᠨᠠᠨ ᠬᠠᠮᠠᠭᠠᠯᠠᠬᠴᠢ᠂ ᠬᠠᠷᠠᠭᠠᠯᠵᠠᠨ ᠬᠠᠮᠠᠭᠠᠯᠠᠭ᠍ᠴᠢ ᠵᠢᠴᠢ ᠨᠢᠯᠬ᠎ᠠ ᠬᠡᠦᠬᠡᠳ᠎ᠲᠦ ᠦᠢᠯᠡᠴᠢᠯᠡᠭᠴᠢ ᠬᠠᠯᠠᠭᠤᠷᠠᠬᠤ᠂ ᠬᠠᠭᠤᠷᠠᠢ᠎ᠪᠠᠷ ᠬᠠᠨᠢᠶᠠᠬᠤ᠂ ᠬᠣᠭᠣᠯᠠᠢ ᠡᠪᠡᠳᠬᠦ᠌ ᠵᠡᠷᠭᠡ ᠡᠪᠡᠳᠴᠢᠨ᠎ᠦ ᠢᠯᠡᠷᠡᠯ ᠭᠠᠷᠪᠠᠯ ᠠᠯᠢ ᠴᠢᠳᠠᠬᠤ᠎ᠪᠠᠷ ᠬᠡᠦᠬᠡᠳ᠎ᠲᠡᠶ ᠱᠢᠭᠤᠳ ᠣᠢᠷᠠᠳᠭᠤ᠎ᠠᠴᠠ ᠵᠠᠢᠯᠠᠰᠭᠢᠬᠦ᠌ ᠬᠡᠷᠡᠭ᠌ᠲᠡᠢ᠃
8. ᠬᠡᠦᠬᠡᠳ᠎ᠦᠨ ᠥᠷᠥᠭᠡ ᠵᠢ ᠴᠡᠪᠡᠷ ᠴᠡᠮᠴᠡᠭᠡᠷ ᠪᠠᠢᠯᠭᠠᠵᠤ᠂ ᠡᠭᠦᠳᠡ ᠴᠣᠩᠬᠣ ᠪᠡᠨ ᠦᠷᠭᠦᠯᠵᠢ ᠨᠡᠭᠡᠭᠡᠨ ᠰᠠᠯᠬᠢ ᠨᠡᠪᠳᠡᠷᠡᠭᠦᠯᠬᠦ ᠬᠡᠷᠡᠭ᠌ᠲᠡᠶ; ᠠᠭᠠᠷ ᠲᠣᠬᠢᠷᠠᠭᠤᠯᠤᠭ᠍ᠴᠢ ᠲᠠᠢ ᠥᠷᠥᠭᠡᠨ ᠳᠦ ᠤᠷᠲᠤ ᠬᠤᠭᠤᠴᠠᠭ᠎ᠠ ᠪᠠᠷ ᠪᠠᠢᠯᠭᠠᠬᠤ᠎ᠠᠴᠠ ᠵᠠᠢᠯᠠᠰᠭᠢᠬᠦ ᠬᠡᠷᠡᠭᠳᠡᠢ᠃
9. ᠬᠢᠵᠢᠭ ᠳᠡᠯᠭᠡᠷᠡᠵᠦ᠍ ᠪᠠᠢᠭ᠎ᠠ ᠬᠤᠭᠤᠴᠠᠭᠠᠨ᠎ᠳᠤ᠂ ᠭᠡᠷ᠎ᠦᠨ ᠠᠬᠠᠮᠠᠳ᠂ ᠬᠢᠨᠠᠨ ᠬᠠᠮᠠᠭᠠᠯᠠᠬᠴᠢ᠂ ᠬᠠᠷᠠᠭᠠᠯᠵᠠᠨ ᠬᠠᠮᠠᠭᠠᠯᠠᠭ᠍ᠴᠢ ᠵᠢᠴᠢ ᠨᠢᠯᠬ᠎ᠠ ᠬᠡᠦᠬᠡᠳ᠎ᠲᠦ ᠦᠢᠯᠡᠴᠢᠯᠡᠭᠴᠢ ᠲᠤᠬᠠᠶ᠎ᠶ᠋ᠢᠨ ᠭᠠᠵᠠᠷ᠎ᠤᠨ ᠬᠢᠵᠢᠭ᠎ᠢ ᠰᠡᠷᠭᠡᠢᠯᠡᠬᠦ᠌ ᠱᠠᠭᠠᠷᠳᠠᠯᠭ᠎ᠠ᠎ᠳᠤ ᠰᠠᠢᠲᠤᠷ ᠬᠠᠮᠵᠢᠯᠴᠠᠬᠤ ᠬᠡᠷᠡᠭ᠌ᠲᠡᠶ᠃

ᠢᠷᠡᠯᠲᠡ᠄ ᠲᠥᠪ ᠲᠧᠯᠸᠢᠰ᠎ᠦᠨ ᠡᠳ᠋᠎ᠦᠨ ᠵᠠᠰᠠᠭ ᠠᠵᠤ ᠠᠬᠤᠶ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃