ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠱᠢᠨ᠎᠎ᠡ ᠲᠢᠲᠢᠮᠯᠢᠭ ᠠᠭᠤᠰᠬᠢᠨ ᠦᠷᠪᠢᠰᠦᠯ᠎ᠦ᠋ᠨ ᠸᠠᠺᠼᠢᠨ᠎ᠤ᠋ ᠲᠠᠷᠢᠯᠭ᠎ᠠ ᠲᠠᠷᠢᠵᠤ ᠡᠭᠡᠯᠢᠯᠡᠭᠡ᠎ᠶ᠋ᠢᠨ ᠬᠠᠯᠬᠠᠪᠴᠢ᠎ᠶ᠋ᠢ ᠪᠠᠢᠭᠤᠯᠤᠶ᠎ᠠ

2022-05-17 10:05:34

ᠵᠣᠬᠢᠶᠠᠭ᠍ᠴᠢ᠄ ᠤᠷᠭᠤᠮᠠᠯ ᠣᠩᠱᠢᠭ᠍ᠰᠠᠨ ᠣᠳᠠᠭ᠎ᠠ᠄ 3

ᠲᠦᠷᠦᠬᠦᠭᠡᠨ᠂ ᠮᠠᠨ ᠤ᠋ ᠤᠷᠤᠨ 《ᠸᠠᠺᠼᠢᠨ ᠢ᠋ ᠴᠠᠭ ᠲᠤᠬᠠᠶ᠎ᠳᠤᠨᠢ ᠳᠠᠷᠢᠵᠤ᠂ ᠠᠮᠢ ᠨᠠᠰᠤ ᠡᠷᠡᠭᠦᠯ ᠮᠡᠨᠳᠦ᠍᠎ᠶ᠋ᠢ ᠪᠠᠲᠤᠯᠠᠬᠤ》 ᠎ᠪᠠᠷ ᠤᠬᠠᠭᠤᠯᠭ᠎ᠠ᠎ᠶ᠋ᠢᠨ ᠭᠤᠤᠯ ᠰᠡᠳᠦᠪ ᠪᠤᠯᠭᠠᠭᠰᠠᠨ ᠭᠤᠴᠢᠨ ᠵᠢᠷᠭᠤᠳᠠᠬᠢ ᠪᠥᠬᠥ᠌ ᠤᠯᠤᠰ ᠤ᠋ᠨ ᠬᠡᠦᠬᠡᠳ ᠤ᠋ᠨ ᠰᠡᠷᠭᠡᠢᠯᠡᠯᠳᠡ ᠵᠢᠨ ᠲᠠᠷᠢᠯᠭ᠎ᠠ ᠵᠢᠨ ᠡᠳᠦᠷ ᠤ᠋ᠨ ᠤᠬᠠᠭᠤᠯᠭ᠎ᠠ ᠵᠢᠨ ᠠᠵᠢᠯᠯᠠᠭ᠎ᠠ ᠦᠷᠨᠢᠬᠦᠯᠪᠡ᠃

ᠤᠢᠯᠠᠭᠠᠭᠰᠠᠨ᠎ᠵᠢᠡᠷ᠂ ᠲᠤᠰ ᠤᠳᠠᠭᠠᠨ ᠤ᠋ ᠤᠬᠠᠭᠤᠯᠭ᠎ᠠ ᠵᠢᠨ ᠠᠵᠢᠯᠯᠠᠭ᠎ᠠ᠎ᠵᠢ ᠤᠷᠤᠨ᠎ᠦ ᠲᠦᠪ᠎ᠲᠦ ᠬᠥᠬᠡᠬᠣᠲᠠ᠎ᠶ᠋ᠢᠨ ᠡᠪᠡᠳᠴᠢᠨ ᠡᠮᠭᠡᠭ ᠢ᠋ ᠰᠡᠷᠭᠡᠢᠯᠡᠨ ᠡᠵᠡᠮᠳᠡᠬᠦ᠌ ᠲᠥᠪ ᠪᠣᠯᠤᠨ ᠰᠠᠢᠬᠠᠨ ᠲᠣᠭᠣᠷᠢᠭ ᠤ᠋ᠨ ᠡᠪᠡᠳᠴᠢᠨ ᠡᠮᠭᠡᠭ ᠢ᠋ ᠰᠡᠷᠭᠡᠢᠯᠡᠨ ᠡᠵᠡᠮᠳᠡᠬᠦ᠌ ᠲᠥᠪ ᠬᠠᠮᠲᠤᠷᠠᠨ ᠥᠷᠨᠢᠭᠦᠯᠪᠠ᠃ ᠤᠬᠠᠭᠤᠯᠭ᠎ᠠ᠎ᠵᠢᠨ ᠠᠵᠢᠯᠯᠠᠭ᠎ᠠ᠎ᠳᠤ᠂ ᠤᠷᠢᠳᠴᠢᠯᠠᠨ ᠰᠡᠷᠭᠡᠢᠯᠡᠬᠦ᠌ ᠲᠠᠷᠢᠯᠭ᠎ᠠ᠎ᠶ᠋ᠢᠨ ᠮᠡᠳᠡᠯᠭᠡ᠎ᠶ᠋ᠢᠨ ᠦᠵᠡᠭᠦᠯᠭᠡ᠎ᠶ᠋ᠢᠨ ᠬᠠᠪᠳᠠᠰᠦ ᠲᠠᠯᠪᠢᠬᠤ᠂ ᠬᠥᠨᠳᠡᠯᠡᠨ ᠪᠢᠴᠢᠭᠡᠰᠦ ᠡᠯᠭᠦᠬᠦ᠌᠂ LED ᠡᠯᠧᠺᠲ᠋ᠷᠣᠨ ᠲᠣᠮᠣ ᠳᠡᠯᠭᠡᠴᠡ᠎ᠪᠡᠷ ᠤᠬᠠᠭᠤᠯᠭ᠎ᠠ᠎ᠶ᠋ᠢᠨ ᠸᠢᠳᠢᠣ᠋ ᠨᠡᠪᠲᠡᠷᠡᠭᠦᠯᠬᠦ᠌ ᠂ ᠲᠤᠬᠠᠶ᠎ᠶ᠋ᠢᠨ ᠲᠠᠯᠠᠪᠤᠷ᠎ᠲᠤ ᠡᠭᠡᠯᠢᠯᠡᠭᠡ᠎ᠶ᠋ᠢᠨ ᠲᠥᠯᠥᠪᠵᠢᠭᠦᠯᠭᠡ᠎ᠶ᠋ᠢᠨ ᠮᠡᠳᠡᠯᠭᠡ᠎ᠶ᠋ᠢᠨ ᠲᠤᠬᠠᠢ ᠵᠥᠪᠯᠡᠯᠭᠡ ᠥᠭ᠌ᠬᠦ ᠵᠢᠴᠢ ᠬᠡᠦᠬᠡᠳ ᠤ᠋ᠨ ᠡᠭᠡᠯᠢᠯᠡᠭᠡ᠎ᠶ᠋ᠢᠨ ᠲᠥᠯᠥᠪᠵᠢᠭᠦᠯᠭᠡ᠎ᠶ᠋ᠢᠨ ᠸᠠᠺᠼᠢᠨ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ ᠤ᠋ᠨ ᠸᠠᠺᠼᠢᠨ ᠵᠡᠷᠭᠡ ᠬᠠᠮᠢᠶ᠎ᠠ ᠪᠥᠬᠥᠶ ᠤᠷᠢᠳᠴᠢᠯᠠᠨ ᠰᠡᠷᠭᠡᠢᠯᠡᠬᠦ᠌ ᠲᠠᠷᠢᠯᠭ᠎ᠠ᠎ᠶ᠋ᠢᠨ ᠤᠬᠠᠭᠤᠯᠭ᠎ᠠ᠎ᠶ᠋ᠢᠨ ᠮᠠᠲ᠋ᠧᠷᠢᠶᠠᠯ᠂ ᠳᠤᠷᠠᠰᠭᠠᠯ ᠤ᠋ᠨ ᠪᠣᠳᠠᠰ ᠢ᠋ ᠲᠠᠷᠬᠠᠭᠠᠬᠤ ᠵᠡᠷᠭᠡ ᠠᠷᠭ᠎ᠠ ᠭᠡᠯᠪᠠᠷᠢ ᠪᠠᠷ ᠲᠠᠮᠵᠢᠭᠤᠯᠤᠨ᠂ ᠤᠯᠤᠰ ᠤ᠋ᠨ ᠰᠡᠷᠭᠡᠢᠯᠡᠯᠳᠡ ᠵᠢᠨ ᠲᠠᠷᠢᠯᠭ᠎ᠠ᠎ᠶ᠋ᠢᠨ ᠲᠤᠬᠠᠶ ᠬᠠᠮᠢᠶ᠎ᠠ ᠪᠥᠬᠥᠶ ᠲᠥᠷᠥ᠎ᠶ᠋ᠢᠨ ᠪᠣᠳᠣᠯᠭ᠎ᠠ᠂ ᠸᠠᠺᠼᠢᠨ ᠤ᠋ ᠬᠠᠨᠳᠤᠯᠭᠠᠲᠤ ᠴᠢᠨᠠᠷᠲᠠᠶ ᠡᠪᠡᠳᠴᠢᠨ ᠢ᠋ ᠰᠡᠷᠭᠡᠢᠯᠡᠬᠦ᠌ ᠪᠠ ᠰᠡᠷᠭᠡᠢᠯᠡᠯᠳᠡ ᠵᠢᠨ ᠲᠠᠷᠢᠯᠭ᠎ᠠ᠎ᠶ᠋ᠢᠨ ᠠᠮᠵᠢᠯᠲᠠ᠂ ᠢᠯᠠᠩᠭᠤᠶ᠎ᠠ ᠱᠢᠨ᠎ᠡ ᠲᠢᠲᠢᠮᠯᠢᠭ ᠠᠭᠤᠰᠭᠢᠨ ᠦᠷᠪᠢᠰᠦᠯ ᠤ᠋ᠨ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠵᠦ᠍ ᠪᠠᠢᠭ᠎ᠠ ᠪᠠᠢᠳᠠᠯ ᠳᠤᠤᠷ᠎ᠠ᠂ ᠪᠥᠬᠥ᠌ ᠠᠷᠠᠳ ᠤ᠋ᠨ ᠰᠦᠶ᠋ᠳᠭᠡᠯ ᠬᠤᠷᠢᠶᠠᠬᠤ ᠥᠬᠡᠶ᠎ᠪᠡᠷ ᠸᠠᠺᠼᠢᠨ ᠤ᠋ ᠲᠠᠷᠢᠯᠭ᠎ᠠ ᠲᠠᠷᠢᠬᠤ᠂ ᠬᠢᠵᠢᠭ ᠢ᠋ ᠰᠡᠷᠭᠡᠢᠯᠡᠬᠦ᠌ ᠬᠠᠯᠬᠠᠪᠴᠢ᠎ᠶ᠋ᠢ ᠬᠠᠮᠲᠤ᠎ᠪᠠᠷ ᠴᠣᠭ᠍ᠴᠠᠯᠠᠬᠤ᠎ᠶ᠋ᠢᠨ ᠴᠢᠬᠤᠯᠠ ᠠᠴᠢ ᠬᠣᠯᠪᠣᠭ᠍ᠳᠠᠯ ᠵᠡᠷᠭᠡ ᠎ᠵᠢ ᠦᠷᠭᠡᠨ ᠤᠯᠠᠨ᠎ᠳ᠋ᠤ ᠤᠢᠯᠠᠭᠠᠭᠤᠯᠵᠤ᠂ ᠲᠠᠷᠠᠴᠢᠯᠠᠨ ᠡᠭᠡᠯᠢᠯᠡᠭᠡ᠎ᠶ᠋ᠢᠨ ᠲᠥᠯᠥᠪᠵᠢᠭᠦᠯᠭᠡ ᠶ᠋ᠢᠨ ᠸᠠᠺᠼᠢᠨ ᠤ᠋ ᠲᠥᠷᠥᠯ ᠵᠦᠶ᠋ᠯ ᠵᠢᠴᠢ ᠤᠷᠢᠳᠴᠢᠯᠠᠨ ᠰᠡᠷᠭᠡᠢᠯᠡᠬᠦ᠌ ᠡᠪᠡᠳᠴᠢᠨ ᠤ᠋ ᠲᠦᠷᠦᠯ ᠂ ᠬᠢᠴᠢᠶᠡᠬᠦ ᠴᠡᠬᠡᠷ᠂ ᠸᠠᠺᠼᠢᠨ ᠤ᠋ ᠭᠦᠶ᠋ᠯᠭᠡᠭᠡ ᠵᠢᠴᠢ ᠱᠢᠨ᠎ᠡ ᠲᠢᠲᠢᠮᠯᠢᠭ ᠠᠭᠤᠰᠭᠢᠨ ᠦᠷᠪᠢᠰᠦᠯ ᠤ᠋ᠨ ᠸᠠᠺᠼᠢᠨ ᠤ᠋ ᠲᠠᠷᠢᠯᠭ᠎ᠠ᠎ᠶ᠋ᠢᠨ ᠴᠢᠬᠤᠯᠠ ᠴᠢᠨᠠᠷ ᠵᠡᠷᠭᠡ ᠬᠠᠮᠢᠶ᠎ᠠ ᠪᠥᠬᠥᠶ ᠮᠡᠳᠡᠯᠭᠡ᠎ᠶ᠋ᠢ ᠲᠠᠨᠢᠯᠴᠠᠭᠤᠯᠤᠭᠰᠠᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面