ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠱᠢᠨ᠎᠎ᠡ ᠲᠢᠲᠢᠮᠯᠢᠭ ᠠᠭᠤᠰᠬᠢᠨ ᠦᠷᠪᠢᠰᠦᠯ᠎ᠦ᠋ᠨ ᠸᠠᠺᠼᠢᠨ᠎ᠤ᠋ ᠲᠠᠷᠢᠯᠭ᠎ᠠ ᠲᠠᠷᠢᠵᠤ ᠡᠭᠡᠯᠢᠯᠡᠭᠡ᠎ᠶ᠋ᠢᠨ ᠬᠠᠯᠬᠠᠪᠴᠢ᠎ᠶ᠋ᠢ ᠪᠠᠢᠭᠤᠯᠤᠶ᠎ᠠ

2022-07-15 11:16:47

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

1. ᠨᠠᠰᠤᠲᠠᠢᠴᠤᠳ ᠸᠠᠺᠼᠢᠨ᠎ᠤ ᠲᠠᠷᠢᠯᠭ᠎ᠠ᠎ᠵᠢ ᠳᠠᠷᠤᠢᠬᠠᠨ ᠲᠠᠷᠢᠬᠤ ᠬᠡᠷᠡᠭ᠌ᠲᠡᠶ᠃ ᠨᠠᠰᠤᠲᠠᠢᠴᠤᠳ᠎ᠤᠨ ᠣᠯᠠᠩᠬᠢ ᠨᠢ ᠠᠷᠬᠠᠭ ᠡᠪᠡᠳᠴᠢᠨ᠎ᠲᠡᠶ᠂ ᠬᠡᠷᠪᠡ ᠬᠠᠯᠳᠠᠪᠤᠷᠢᠯᠠᠯ ᠡᠭᠦᠰᠪᠡᠯ ᠬᠦᠨᠳᠦ ᠡᠪᠡᠳᠴᠢᠨ᠎ᠢᠶᠡᠷ ᠨᠠᠰᠤ ᠪᠠᠷᠠᠬᠤ ᠠᠶᠤᠯ ᠨᠢ ᠵᠠᠯᠠᠭᠤᠴᠤᠳ ᠪᠠ ᠬᠡᠦᠬᠡᠳ ᠎ᠡᠴᠡ ᠬᠣᠯᠠ ᠶᠡᠬᠡ ᠪᠠᠢᠳᠠᠭ᠃

2. ᠨᠠᠰᠤᠲᠠᠢᠴᠤᠳ᠎ᠤᠨ ᠸᠠᠺᠼᠢᠨ᠎ᠤ ᠲᠠᠷᠢᠯᠭ᠎ᠠ ᠨᠢ ᠠᠶᠤᠯᠭᠦᠶ ᠴᠢᠨᠠᠷ᠎ᠲᠠᠶ᠃ ᠮᠠᠨ᠎ᠤ ᠤᠯᠤᠰ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠸᠠᠺᠼᠢᠨ᠎ᠢ ᠬᠢᠯᠢ᠎ᠶ᠋ᠢᠨ ᠳᠣᠲᠣᠨ᠎ᠠ ᠭᠠᠳᠠᠨᠠᠬᠢ 60 ᠨᠠᠰᠤᠨ᠎ᠠᠴᠠ ᠳᠡᠭᠡᠭ᠌ᠰᠢᠬᠢ ᠨᠠᠰᠤᠲᠠᠢᠴᠤᠳ᠎ᠤᠨ ᠳᠣᠲᠣᠷ᠎ᠠ ᠲᠠᠷᠢᠯᠭ᠎ᠠ ᠬᠢᠬᠦ᠌ ᠤᠳᠠᠭ᠎ᠠ ᠨᠢᠭᠡᠨᠲᠡ 5 ᠳ᠋ᠦᠩᠱᠢᠭᠤᠷ ᠤᠳᠠᠭ᠎ᠠ᠎ᠶ᠋ᠢ ᠳᠠᠪᠠᠵᠤ᠂ ᠲᠠᠷᠢᠯᠭ᠎ᠠ ᠬᠢᠬᠦ᠌ ᠶᠠᠪᠤᠴᠠ᠎ᠳᠤ ᠮᠠᠰᠢ ᠰᠠᠢᠨ ᠠᠮᠤᠷ ᠲᠦᠪᠱᠢᠨ ᠴᠢᠨᠠᠷ ᠢᠯᠡᠷᠡᠭ᠌ᠰᠡᠨ ᠪᠥᠭᠡᠳ ᠨᠠᠰᠤᠲᠠᠢᠴᠤᠳ᠎ᠤᠨ ᠮᠠᠭᠤ ᠲᠤᠰᠭᠠᠯ ᠨᠢ ᠨᠠᠰᠤᠨ᠎ᠳᠤ ᠭᠦᠷᠦᠭ᠌ᠰᠡᠳ᠎ᠡᠴᠡ ᠪᠠᠭ᠎ᠠ ᠳᠤᠤᠷ᠎ᠠ ᠪᠠᠢᠨ᠎ᠠ᠃

3. ᠪᠣᠢᠳᠠ ᠪᠦᠭ᠌ᠯᠡᠭᠦᠦ ᠬᠥᠳᠡᠭᠡ ᠲᠣᠰᠭᠣᠨ᠎ᠳᠤ ᠭᠠᠳᠠᠭ᠍ᠰᠢ ᠭᠠᠷᠬᠤ ᠥᠬᠡᠶ ᠴᠦ᠍ ᠸᠠᠺᠼᠢᠨ ᠳᠠᠷᠢᠭᠤᠯᠬᠤ ᠬᠡᠷᠡᠭ᠌ᠲᠡᠶ᠃ ᠬᠥᠳᠡᠭᠡ ᠲᠣᠰᠭᠣᠨ ᠢᠯᠠᠩᠭᠤᠶ᠎ᠠ ᠪᠣᠢᠳᠠ ᠪᠦᠭ᠌ᠯᠡᠭᠦᠦ ᠬᠥᠳᠡᠭᠡ ᠲᠣᠰᠭᠣᠨ᠎ᠳᠤ᠂ ᠡᠮ ᠡᠮᠨᠡᠯᠭᠡ᠎ᠶ᠋ᠢᠨ ᠠᠪᠤᠷᠠᠨ ᠵᠠᠰᠠᠬᠤ ᠨᠥᠬᠥᠴᠡᠯ ᠨᠡᠯᠢᠶᠡᠳ ᠮᠠᠭᠤ᠂ ᠬᠠᠯᠳᠠᠪᠤᠷᠢᠯᠠᠭ᠍ᠰᠠᠨ᠎ᠤ ᠳᠠᠷᠠᠭᠠᠬᠢ ᠬᠦᠨᠳᠦ ᠡᠪᠡᠳᠴᠢᠨ᠂ ᠡᠪᠡᠳᠴᠢᠨ᠎ᠢᠶᠡᠷ ᠨᠠᠰᠤ ᠪᠠᠷᠠᠬᠤ ᠲᠦᠭ᠌ᠰᠢᠭᠦᠷᠢ ᠨᠡᠯᠢᠶᠡᠳ ᠥᠨᠳᠥᠷ ᠪᠣᠯᠬᠣᠷ ᠸᠠᠺᠼᠢᠨ ᠳᠠᠷᠢᠬᠤ ᠪᠣᠯ ᠬᠠᠮᠤᠭ᠎ᠤᠨ ᠰᠠᠢᠨ ᠬᠠᠮᠠᠭᠠᠯᠠᠬᠤ ᠠᠷᠭ᠎ᠠ ᠬᠡᠮᠵᠢᠶ᠎ᠡ ᠮᠥᠨ᠃ ᠭᠠᠳᠠᠭ᠍ᠰᠢ ᠭᠠᠷᠬᠤ ᠥᠬᠡᠶ ᠪᠣᠯ ᠸᠢᠷᠦ᠋ᠰ᠎ᠲᠡᠶ ᠬᠦᠷᠦᠯᠴᠡᠬᠦ᠌ ᠥᠬᠡᠶ ᠭᠡᠰᠡᠨ ᠦᠭᠡ ᠪᠢᠰᠢ᠂ ᠭᠠᠳᠠᠨ᠎ᠠ᠎ᠠᠴᠠ ᠢᠷᠡᠭ᠌ᠰᠡᠨ ᠬᠥᠮᠦᠰ ᠸᠢᠷᠦ᠋ᠰ᠎ᠢ ᠭᠡᠷ᠎ᠲᠡᠬᠡᠨ ᠠᠪᠠᠴᠢᠵᠤ᠂ ᠸᠠᠺᠼᠢᠨ᠎ᠤ ᠲᠠᠷᠢᠯᠭ᠎ᠠ ᠬᠢᠭ᠌ᠰᠡᠨ ᠥᠬᠡᠶ ᠨᠠᠰᠤᠲᠠᠨ᠎ᠳᠤ ᠯᠤᠲᠤ ᠶᠡᠬᠡ ᠬᠠᠯᠳᠠᠪᠤᠷᠢᠯᠠᠬᠤ ᠲᠦᠭ᠌ᠰᠢᠭᠦᠷᠢ ᠠᠪᠴᠢᠷᠠᠵᠤ ᠮᠡᠳᠡᠨ᠎ᠡ᠃

4. ᠨᠠᠰᠤᠲᠠᠢᠴᠤᠳ ᠴᠤ᠌ ᠴᠢᠩᠭᠠᠳᠬᠠᠬᠤ ᠲᠠᠷᠢᠯᠭ᠎ᠠ ᠬᠢᠬᠦ᠌ ᠬᠡᠷᠡᠭ᠌ᠲᠡᠶ᠃ᠨᠠᠰᠤᠲᠠᠢᠴᠤᠳ ᠎ᠤᠨ ᠸᠠᠺᠼᠢᠨ᠎ᠤ ᠲᠠᠷᠢᠯᠭ᠎ᠠ ᠬᠢᠭ᠌ᠰᠡᠨ᠎ᠦ ᠳᠠᠷᠠᠭ᠎ᠠ᠂ ᠬᠠᠮᠠᠭᠠᠯᠠᠯᠲᠠ᠎ᠶ᠋ᠢᠨ ᠦᠢᠯᠡᠳᠦᠯ ᠨᠢ ᠴᠠᠭ ᠬᠤᠭᠤᠴᠠᠭ᠎ᠠ᠎ᠶ᠋ᠢ ᠳᠠᠭᠠᠯᠳᠤᠨ ᠪᠠᠭᠤᠷᠠᠵᠤ ᠪᠠᠢᠳᠠᠭ᠂ ᠨᠠᠰᠤᠲᠠᠢᠴᠤᠳ ᠴᠤ᠌ ᠬᠦᠨᠳᠦ ᠡᠪᠡᠳᠴᠢᠲᠡᠨ ᠪᠠ ᠨᠠᠰᠤ ᠪᠠᠷᠠᠬᠤ ᠠᠶᠤᠯ ᠶᠡᠬᠡᠲᠡᠶ ᠬᠥᠮᠦᠰ ᠪᠣᠯᠬᠤᠷ ᠴᠠᠭ ᠲᠤᠬᠠᠶ᠎ᠳᠤᠨᠢ ᠠᠯᠢ ᠲᠦᠷᠭᠡᠨ᠎ᠢᠶᠡᠷ ᠴᠢᠩᠭᠠᠳᠭᠠᠬᠤ ᠲᠠᠷᠢᠯᠭ᠎ᠠ ᠬᠢᠬᠦ᠌ ᠬᠡᠷᠡᠭ᠌ᠲᠡᠶ᠃

ᠢᠷᠡᠯᠲᠡ᠄ ᠠᠷᠠᠳ᠎ᠤᠨ ᠰᠦᠯᠵᠢᠶ᠎ᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄ ᠶᠦᠩ ᠬᠤᠩ

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面