2020-02-02 15:20:23
ᠬᠢᠩᠭᠠᠨ ᠠᠢᠮᠠᠭ᠎ᠤᠨ ᠰᠢᠭᠣᠳ ᠬᠠᠷᠢᠶ᠎ᠠ ᠪᠠᠢᠭᠤᠯᠭ᠎ᠠ᠎ᠶᠢᠨ 500 ᠨᠠᠮ᠎ᠤᠨ ᠬᠡᠰᠢᠬᠦᠨ᠎ᠤ ᠤᠨᠴᠡ ᠲᠤᠮᠢᠯᠠᠬᠰᠠᠨ ᠠᠩᠬᠢ᠎ᠶᠢ ᠲᠡᠮᠲᠡᠭᠯᠡᠪᠡ
ᠰᠢᠨ᠎ᠠ ᠬᠡᠯᠪᠡᠷᠢ᠎ᠶᠢᠨ ᠲᠢᠳᠢᠮᠯᠢᠭ ᠸᠢᠷᠤᠢᠰᠡᠴᠠ ᠬᠠᠯᠳᠠᠪᠦᠷᠢᠯᠠᠭᠰᠠᠨ ᠠᠭᠤᠰᠬᠢᠨ᠎ᠤ ᠦᠷᠪᠢᠰᠦᠯ᠎ᠤᠨ ᠬᠢᠵᠢᠭ᠎ᠢ ᠰᠡᠷᠬᠡᠢᠯᠡᠨ ᠡᠵᠡᠮᠳᠡᠬᠦ ᠬᠤᠷᠢᠬᠯᠠᠨ ᠠᠷᠢᠯᠭᠠᠬᠤ ᠲᠠᠢᠯᠠᠯᠳᠤᠭᠠᠨ ᠡᠬᠢᠯᠡᠭᠰᠡᠨ᠎ᠡᠴᠠ ᠨᠠᠭᠠᠰᠢ ᠂ ᠬᠢᠩᠭᠠᠨ ᠠᠢᠮᠠᠭ᠎ᠤᠨ ᠰᠢᠭᠤᠳ ᠬᠠᠷᠢᠶ᠎ᠠ ᠪᠠᠢᠭᠤᠯᠭ᠎ᠠ᠎ᠶᠢᠨ ᠨᠠᠮ᠎ᠤᠨ ᠠᠵᠢᠯ᠎ᠤᠨ ᠬᠤᠷᠢᠶ᠎ᠠ ᠪᠠᠴᠢᠮ ᠬᠦᠳᠡᠯᠦᠯᠴᠡᠵᠦ ᠂ ᠨᠠᠮ᠎ᠤᠨ ᠲᠦᠪ ᠬᠤᠷᠢᠶ᠎ᠠ ᠂ ᠦᠪᠡᠷᠳᠡᠬᠡᠨ ᠵᠠᠰᠠᠬᠤ ᠤᠷᠤᠨ ᠂ ᠠᠢᠮᠠᠭ᠎ᠤᠨ ᠨᠠᠮ᠎ᠤᠨ ᠬᠤᠷᠢᠶᠠᠨ᠎ᠤ ᠰᠢᠢᠳᠪᠦᠷᠢ ᠪᠠᠢᠷᠢᠯᠠᠭᠤᠯᠤᠯᠳᠠ᠎ᠶᠢ ᠡᠷᠡᠰ ᠲᠤᠭᠤᠰᠢᠯᠠᠭᠤᠯᠵᠦ ᠂ ᠪᠠᠢᠭᠤᠯᠭ᠎ᠠ᠎ᠶᠢᠨ ᠨᠠᠮ᠎ᠤᠨ ᠵᠤᠬᠢᠶᠠᠨ ᠪᠠᠢᠭᠤᠯᠤᠯᠳᠠ ᠬᠢᠬᠡᠳ ᠪᠦᠬᠦ ᠨᠠᠮ᠎ᠤᠨ ᠬᠡᠰᠢᠬᠦᠳ᠎ᠢ ᠲᠠᠢᠴᠢᠯᠠᠵᠦ ᠠᠷᠠᠳ ᠤᠯᠠᠨ᠎ᠤ ᠠᠮᠢ ᠨᠠᠰᠤᠨ᠎ᠤ ᠠᠮᠤᠷ ᠲᠦᠪᠰᠢᠨ ᠬᠢᠬᠡᠳ ᠪᠡᠶ᠎ᠠ ᠮᠠᠬᠠᠪᠤᠳ᠎ᠤᠨ ᠡᠷᠡᠬᠦᠯ ᠮᠡᠨᠳᠤ᠎ᠶᠢ ᠲᠡᠷᠢᠬᠦᠨ ᠴᠢᠬᠤᠯᠠ ᠪᠠᠢᠷᠢᠨ᠎ᠳ᠋ᠤ ᠲᠠᠯᠪᠢᠵᠦ ᠂ ᠬᠢᠵᠢᠭ᠎ᠢ ᠰᠡᠷᠬᠡᠢᠯᠡᠨ ᠡᠵᠡᠮᠳᠡᠬᠦ᠎ᠶᠢ ᠤᠳᠤᠬᠠᠨ᠎ᠤ ᠴᠢᠬᠤᠯᠠ ᠪᠠᠴᠢᠮ ᠡᠬᠦᠷᠬᠡ ᠪᠤᠯᠭᠠᠨ ᠠᠳᠬᠤᠵᠦ ᠂ ᠲᠦᠷᠦᠭᠦᠯᠡᠨ ᠬᠢᠵᠦ ᠲᠠᠭᠤᠷᠢᠶᠠᠯ ᠦᠵᠡᠭᠦᠯᠦᠨ ᠂ ᠲᠡᠬᠡᠳᠤ ᠬᠡᠮᠵᠢᠶ᠎ᠠ᠎ᠪᠠᠷ ᠬᠠᠷᠢᠭᠤᠴᠠᠬᠤ ᠵᠤᠷᠢᠭ ᠰᠠᠨᠠᠭ᠎ᠠ᠎ᠪᠠᠷ ᠡᠯ᠎ᠠ ᠲᠦᠷᠦᠯ᠎ᠤᠨ ᠠᠵᠢᠯ᠎ᠢ ᠬᠤᠯᠪᠤᠭᠠᠯᠠᠨ ᠰᠡᠷᠬᠡᠢᠯᠡᠵᠦ ᠬᠤᠯᠪᠤᠭᠠᠯᠠᠨ ᠡᠵᠡᠮᠳᠡᠵᠦ ᠂ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠵᠦ ᠬᠤᠷᠢᠬᠯᠠᠨ ᠠᠷᠢᠯᠭᠠᠬᠤ ᠲᠠᠢᠯᠠᠯᠳᠤᠭᠠᠨ᠎ᠳ᠋ᠤ ᠡᠷᠡᠰ ᠢᠯᠠᠯᠳᠠ ᠤᠯᠬᠤ᠎ᠪᠠᠷ ᠲᠡᠮᠡᠴᠡᠵᠦ ᠪᠠᠢᠨ᠎ᠠ ᠃
1 ᠰᠠᠷ᠎ᠠ᠎ᠶᠢᠨ 29᠎ᠤ ᠡᠳᠦᠷ ᠬᠢᠩᠭᠠᠨ ᠠᠢᠮᠠᠭ᠎ᠤᠨ ᠨᠠᠮ᠎ᠤᠨ ᠬᠤᠷᠢᠶᠠᠨ᠎ᠤ ᠵᠤᠬᠢᠶᠠᠨ ᠪᠠᠢᠭᠤᠯᠬᠤ ᠬᠡᠯᠳᠡᠰ ︽ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠶᠠᠪᠤᠴᠡ᠎ᠳ᠋ᠤ ︿ ᠲᠦᠷᠪᠡᠨ ᠰᠠᠯᠠᠭ᠎ᠠ ᠡᠠᠩ᠎ᠬᠢ ﹀ ᠪᠠᠢᠭᠤᠯᠵᠦ ᠨᠠᠮ᠎ᠤᠨ ᠬᠡᠰᠢᠬᠦᠨ᠎ᠤ ᠲᠡᠷᠢᠬᠦᠨ᠎ᠤ ᠵᠢᠱᠢᠶᠡᠴᠢ ᠦᠢᠯᠡᠳᠦᠯ᠎ᠢ ᠨᠡᠩ ᠰᠠᠢᠨ ᠪᠠᠳᠠᠷᠠᠭᠤᠯᠬᠤ ᠲᠤᠬᠠᠢ ᠪᠠᠴᠢᠮ ᠮᠡᠳᠡᠭᠳᠡᠯ ︾᠎ᠢ ᠲᠠᠷᠤᠮᠠᠯᠯᠠᠨ ᠲᠠᠷᠬᠠᠭᠠᠵᠠᠢ ᠃ ᠱᠠᠭᠠᠷᠳᠠᠯᠭ᠎ᠠ ᠶᠤᠰᠤᠭᠠᠷ ᠬᠢᠩᠭᠠᠨ ᠠᠢᠮᠠᠭ᠎ᠤᠨ ᠰᠢᠭᠤᠳ ᠬᠠᠷᠢᠶ᠎ᠠ ᠪᠠᠢᠭᠤᠯᠭ᠎ᠠ᠎ᠶᠢᠨ ᠨᠠᠮ᠎ᠤᠨ ᠠᠵᠢᠯ᠎ᠤᠨ ᠬᠤᠷᠢᠶ᠎ᠠ ᠲᠦᠷᠬᠡᠨ ᠬᠦᠳᠡᠯᠦᠯᠴᠡᠵᠦ ᠂ ᠠᠢᠮᠠᠭ᠎ᠤᠨ ᠰᠢᠭᠤᠳ ᠬᠠᠷᠢᠶ᠎ᠠ ᠪᠠᠢᠭᠤᠯᠭ᠎ᠠ᠎ᠶᠢᠨ ᠬᠠᠮᠵᠢᠯᠴᠠᠭ᠎ᠠ ᠲᠤᠤᠷ᠎ᠠ ᠂ ᠤᠬᠤᠷᠬᠠᠨ ᠬᠤᠭᠤᠴᠠᠭᠠᠨ᠎ᠳ᠋ᠤ ᠬᠤᠶᠠᠷ ᠪᠦᠯᠦᠭ ᠬᠤᠪᠢᠶᠠᠵᠦ 500 ᠬᠦᠮᠦᠨ᠎ᠤ ᠬᠢᠵᠢᠭ᠎ᠢ ᠰᠡᠷᠬᠡᠢᠯᠡᠨ ᠡᠵᠡᠮᠳᠡᠬᠦ ᠨᠠᠮ᠎ᠤᠨ ᠬᠡᠰᠢᠬᠦᠳ᠎ᠤᠨ ᠤᠨᠴᠡ ᠲᠤᠮᠢᠯᠠᠬᠰᠠᠨ ᠠᠩᠬᠢ ᠪᠠᠢᠭᠤᠯᠵᠦ ᠂ ᠬᠢᠵᠢᠭ᠎ᠢ ᠰᠡᠷᠬᠡᠢᠯᠡᠨ ᠡᠵᠡᠮᠳᠡᠬᠦ ᠠᠵᠢᠯ᠎ᠳ᠋ᠤ ᠦᠳᠳᠡᠷ ᠲᠦᠷᠬᠡᠨ ᠤᠷᠤᠯᠴᠠᠵᠠᠢ ᠃
1 ᠰᠠᠷ᠎ᠠ᠎ᠶᠢᠨ 30᠎ᠤ ᠡᠳᠦᠷ᠎ᠤᠨ ᠦᠷᠯᠦᠬᠡ᠎ᠶᠢᠨ 4 ᠄ 30᠎ᠡᠴᠠ ᠡᠬᠢᠯᠡᠵᠦ ᠂ ᠬᠢᠩᠭᠠᠨ ᠠᠢᠮᠠᠭ᠎ᠤᠨ ᠰᠢᠭᠤᠳ ᠬᠠᠷᠢᠶ᠎ᠠ ᠪᠠᠢᠭᠤᠯᠭ᠎ᠠ᠎ᠶᠢᠨ ᠤᠨᠴᠡ ᠲᠤᠮᠢᠯᠠᠭᠰᠠᠨ ᠠᠩᠬᠢ ᠤᠯᠠᠭᠠᠨᠬᠤᠳᠠ᠎ᠶᠢᠨ ᠬᠢᠵᠢᠭ᠎ᠢ ᠰᠡᠷᠬᠡᠢᠯᠡᠨ ᠡᠵᠡᠮᠳᠡᠬᠦ ᠵᠢᠯᠤᠭᠤᠳᠬᠤ ᠬᠡᠯᠳᠡᠰ᠎ᠤᠨ ᠨᠢᠬᠡᠳᠦᠯᠳᠡᠢ ᠲᠤᠬᠢᠷᠠᠭᠤᠯᠭ᠎ᠠ ᠲᠤᠤᠷ᠎ᠠ ᠨᠠᠮ᠎ᠤᠨ ᠬᠡᠰᠢᠬᠦᠨ᠎ᠤ ᠲᠡᠮᠳᠡᠭ᠎ᠢᠶᠡᠨ ᠵᠡᠬᠦᠵᠦ ᠂ ᠤᠯᠠᠭᠠᠨᠬᠤᠳᠠ᠎ᠶᠢᠨ ᠭᠠᠯᠳᠤ ᠲᠡᠷᠬᠡᠨ ᠦᠷᠳᠡᠬᠡ ᠂ ᠨᠢᠰᠬᠡᠯ᠎ᠤᠨ ᠪᠠᠭᠤᠳᠠᠯ ᠂ ᠵᠡᠬᠡᠯᠢ ᠭᠤᠳᠤᠮᠵᠢ ᠨᠡᠢᠬᠡᠮ ᠲᠤᠭᠤᠷᠢᠭ᠎ᠤᠨ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠡᠮᠦᠨ᠎ᠠ ᠹᠷᠤᠨᠲ᠎ᠲᠤ ᠬᠦᠨᠵᠡᠬᠡᠢᠷᠡᠵᠦ ᠱᠠᠭᠠᠷᠳᠠᠯᠭ᠎ᠠ ᠶᠤᠰᠤᠭᠠᠷ ᠴᠢᠩᠭ᠎ᠠ ᠬᠢᠨᠠᠮᠠᠭᠠᠢ ᠠᠵᠢᠯ᠎ᠢᠶᠡᠨ ᠦᠷᠨᠢᠬᠦᠯᠪᠠ ᠃
ᠬᠢᠵᠢᠭ᠎ᠤᠨ ᠪᠠᠢᠳᠠᠯ ᠪᠤᠯ ᠲᠠᠷᠤᠢ ᠵᠠᠷᠯᠢᠭ ᠂ ᠰᠡᠷᠬᠡᠢᠯᠡᠨ ᠡᠵᠡᠮᠳᠡᠬᠦ ᠪᠤᠯ ᠲᠠᠷᠤᠢ ᠬᠠᠷᠢᠭᠤᠴᠠᠯᠭ᠎ᠠ ᠮᠦᠨ ᠃ ᠡᠨᠡ ᠤᠳᠠᠭᠠᠨ᠎ᠤ ᠬᠢᠵᠢᠭ᠎ᠢ ᠰᠡᠷᠬᠡᠢᠯᠡᠨ ᠠᠷᠢᠯᠭᠠᠬᠤ ᠲᠠᠢᠯᠠᠯᠳᠤᠭᠠᠨ᠎ᠢ ᠬᠢᠩᠭᠠᠨ ᠠᠢᠮᠠᠭ᠎ᠤᠨ ᠰᠢᠭᠤᠳ ᠬᠠᠷᠢᠶ᠎ᠠ ᠡᠯ᠎ᠠ ᠰᠠᠯᠠᠭ᠎ᠠ ᠮᠦᠴᠢᠷ᠎ᠤᠨ ᠤᠳᠤᠷᠢᠳᠤᠯᠭ᠎ᠠ ᠲᠡᠬᠡᠳᠤ ᠬᠡᠮᠵᠢᠶ᠎ᠠ᠎ᠪᠠᠷ ᠴᠢᠬᠤᠯᠠᠴᠢᠯᠠᠵᠦ ᠂ ᠪᠡᠶ᠎ᠠ᠎ᠪᠠᠷ᠎ᠢᠶᠡᠨ ᠬᠡᠪ ᠲᠦᠷᠢᠮ ᠪᠤᠯᠵᠦ ᠂ 5 ᠰᠠᠯᠠᠭ᠎ᠠ ᠮᠦᠴᠢᠷ᠎ᠤᠨ ᠴᠢᠬᠤᠯᠠ ᠬᠠᠷᠢᠭᠤᠴᠠᠯᠭᠠᠳᠠᠨ ᠲᠦᠷᠦᠭᠦᠯᠡᠨ ᠤᠷᠤᠯᠴᠠᠵᠤ ᠂ 12 ᠭᠠᠵᠠᠷ᠎ᠤᠨ ᠲᠡᠰ᠎ᠤᠨ ᠨᠠᠮ᠎ᠤᠨ ᠬᠡᠰᠢᠬᠦᠨ ᠤᠳᠤᠷᠢᠳᠬᠤ ᠺᠠᠳ᠋ᠷ ᠲᠠᠢᠯᠠᠯᠳᠤᠭᠠᠨ᠎ᠳ᠋ᠤ ᠮᠤᠷᠳᠡᠬᠤᠪᠠᠷ ᠰᠠᠨᠠᠭᠠᠴᠢᠯᠠᠭ᠎ᠠ᠎ᠡᠴᠠ᠎ᠪᠠᠨ ᠭᠤᠶᠤᠴᠢᠯᠠᠵᠦ ᠂ ᠡᠯ᠎ᠠ ᠪᠠᠢᠭᠤᠯᠭ᠎ᠠ᠎ᠶᠢᠨ ᠨᠠᠮ᠎ᠤᠨ ᠬᠡᠰᠢᠬᠦᠨ ᠺᠠᠳ᠋ᠷ᠎ᠢ ᠵᠤᠬᠢᠶᠠᠨ ᠪᠠᠢᠭᠤᠯᠵᠦ ᠂ ᠬᠢᠵᠢᠭ᠎ᠲᠠᠢ ᠲᠠᠢᠯᠠᠯᠳᠤᠬᠤ ᠲᠠᠯᠠᠪᠠᠢ᠎ᠳ᠋ᠤ ᠭᠠᠪᠰᠢᠭᠠᠢᠯᠠᠨ ᠲᠠᠮᠠᠴᠠᠵᠠᠢ ᠃
ᠬᠢᠩᠭᠠᠨ ᠠᠢᠮᠠᠭ᠎ᠤᠨ ᠰᠤᠶᠤᠯ ᠪᠡᠶ᠎ᠠ᠎ᠶᠢᠨ ᠲᠠᠮᠢᠷ ᠵᠢᠭᠤᠯᠴᠢᠯᠠᠯ᠎ᠤᠨ ᠲᠤᠪᠴᠢᠶ᠎ᠠ ᠶᠡᠷᠤᠩᠬᠡᠢᠯᠡᠨ ᠲᠤᠬᠢᠷᠠᠭᠤᠯᠬᠤ ᠂ ᠰᠠᠢᠨ ᠲᠤᠷᠠᠴᠤᠳ᠎ᠤᠨ ᠬᠤᠰᠢᠭᠤᠴᠢ ᠂ ᠮᠡᠳᠡᠭᠡ ᠵᠠᠩᠬᠢ ᠮᠡᠳᠡᠬᠦᠯᠬᠦ ᠵᠡᠷᠬᠡ ᠭᠤᠷᠪᠠᠨ ᠰᠠᠯᠠᠭ᠎ᠠ ᠠᠩᠬᠢ ᠪᠠᠢᠭᠤᠯᠵᠦ ᠂ ᠨᠡᠢᠳᠡ 80 ᠭᠠᠷᠤᠢ ᠨᠠᠮ᠎ᠤᠨ ᠬᠡᠰᠢᠬᠦᠨ ᠺᠠᠳ᠋ᠷ ᠬᠢᠵᠢᠭ᠎ᠢ ᠰᠡᠷᠬᠡᠢᠯᠡᠨ ᠡᠵᠡᠮᠳᠡᠬᠦ ᠲᠠᠢᠯᠠᠯᠳᠤᠭᠠᠨ᠎ᠳ᠋ᠤ ᠤᠷᠤᠯᠴᠠᠵᠠᠢ ᠃ ᠤᠳᠤᠬᠠᠠᠨᠳ᠋ᠤ ᠮᠦᠨ ᠯᠠ ᠨᠡᠯᠢᠶᠡᠳ ᠤᠯᠠᠨ ᠨᠦᠬᠦᠳ ᠰᠠᠢᠨ ᠲᠤᠷᠠᠴᠤᠳ᠎ᠤᠨ ᠠᠵᠢᠯᠯᠠᠭ᠎ᠠ᠎ᠳ᠋ᠤ ᠤᠷᠤᠯᠴᠠᠬᠤ᠎ᠪᠠᠷ ᠢᠯᠡᠷᠬᠡᠢᠯᠡᠵᠦ ᠂ ᠪᠡᠯᠡᠳᠬᠡᠯ ᠬᠦᠴᠦᠨ ᠪᠤᠯᠵᠦ ᠵᠠᠷᠯᠢᠭ ᠬᠦᠯᠢᠶᠠᠵᠦ ᠪᠠᠢᠨ᠎ᠠ ᠃
ᠬᠢᠩᠭᠠᠨ ᠠᠢᠮᠠᠭ᠎ᠤᠨ ᠰᠢᠭᠤᠳ ᠬᠠᠷᠢᠶ᠎ᠠ ᠪᠠᠢᠭᠤᠯᠭ᠎ᠠ᠎ᠶᠢᠨ ᠡᠯ ᠠ ᠨᠢᠬᠡᠴᠢ ᠬᠢᠬᠡᠳ ᠲᠠᠭᠠᠭᠠᠴᠢᠯᠠᠨ ᠬᠤᠯᠪᠤᠭᠠᠯᠠᠬᠰᠠᠨ ᠨᠡᠢᠬᠡᠮ ᠲᠤᠭᠤᠷᠢᠭ ᠵᠤᠯᠭᠠᠴᠠᠵᠦ ᠂ ᠨᠡᠢᠬᠡᠮ ᠲᠤᠭᠤᠷᠢᠭ᠎ᠤᠨ ᠠᠵᠢᠯᠳᠠᠳ᠎ᠢ ᠬᠠᠪᠰᠤᠷᠴᠦ ᠰᠠᠭᠤᠭᠠᠯᠢ ᠠᠷᠠᠳ᠎ᠤᠨ ᠲᠤᠭᠤᠷᠢᠭ᠎ᠤᠨ ᠭᠠᠷᠴᠤ ᠤᠷᠤᠬᠤ ᠲᠡᠷᠬᠡ ᠮᠠᠰᠢᠨ ᠬᠢᠬᠡᠳ ᠬᠦᠮᠦᠰ᠎ᠢ ᠲᠡᠮᠳᠡᠭᠯᠡᠬᠦ ᠂ ᠬᠦᠮᠦᠰ᠎ᠤᠨ ᠪᠡᠶ᠎ᠠ᠎ᠶᠢᠨ ᠬᠠᠯᠠᠭᠤᠨ᠎ᠢ ᠬᠡᠮᠵᠢᠵᠠᠢ ᠃
ᠠᠮᠢ ᠨᠠᠰᠤ ᠲᠠᠢᠱᠠᠨ ᠠᠭᠤᠯᠠᠨ᠎ᠡᠴᠠ ᠬᠦᠨᠳᠤ ᠃ ᠬᠢᠵᠢᠭ᠎ᠢ ᠰᠡᠷᠬᠡᠢᠯᠡᠨ ᠡᠵᠡᠮᠳᠡᠬᠦ ᠲᠠᠯᠠᠪᠤᠷ ᠪᠦᠬᠦᠨ᠎ᠳ᠋ᠤ ᠪᠦᠷ ᠤᠯᠠᠭᠠᠠ ᠲᠤᠭ ᠨᠠᠮᠢᠷᠡᠵᠦ ᠂ ᠪᠦᠷ ᠠᠢᠮᠠᠭ᠎ᠤᠨ ᠰᠢᠭᠤᠳ ᠬᠠᠷᠢᠶ᠎ᠠ ᠪᠠᠢᠭᠤᠯᠭ᠎ᠠ᠎ᠶᠢᠨ ᠨᠠᠮ᠎ᠤᠨ ᠬᠡᠰᠢᠬᠦᠳ᠎ᠤᠨ ᠪᠠᠷ᠎ᠠ ᠬᠠᠷᠠᠬᠳᠠᠨ᠎ᠠ ᠁ ᠲᠡᠳᠡ ᠬᠤᠰᠢᠭᠤᠴᠢ ᠵᠢᠱᠢᠶᠡᠴᠢ ᠦᠢᠯᠡᠳᠦᠯ᠎ᠢᠶᠡᠨ ᠬᠦᠢᠴᠡᠳ ᠪᠠᠳᠠᠷᠠᠭᠤᠯᠵᠦ ᠂ ᠪᠤᠳᠠᠳᠤ ᠠᠵᠢᠯᠯᠠᠭ᠎ᠠ᠎ᠪᠠᠷ᠎ᠢᠶᠡᠨ ᠡᠬᠦᠷᠬᠡ ᠬᠠᠷᠢᠭᠤᠴᠠᠯᠭ᠎ᠠ᠎ᠪᠠᠨ ᠦᠢᠯᠡᠳᠦᠯᠬᠡᠵᠢᠬᠦᠯᠵᠦ ᠂ ᠬᠢᠵᠢᠭ᠎ᠤᠨ ᠪᠠᠢᠳᠠᠯ᠎ᠢ ᠬᠤᠷᠢᠭᠯᠠᠨ ᠠᠷᠢᠯᠭᠠᠬᠤ ᠲᠠᠢᠯᠠᠯᠳᠤᠭᠠᠨ᠎ᠳ᠋ᠤ ᠡᠷᠡᠰ ᠢᠯᠠᠯᠳᠠ ᠤᠯᠬᠤ᠎ᠪᠠᠷ ᠲᠡᠮᠡᠴᠡᠵᠦ ᠪᠠᠢᠨ᠎ᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠠᠷᠢᠭᠤᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃