ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠨᠠᠮ᠎ᠤ᠋ᠨ ᠲᠤᠭ

2020-02-20 13:36:36

ᠵᠣᠬᠢᠶᠠᠭ᠍ᠴᠢ᠄ ᠰᠠᠷᠭᠠᠢ ᠣᠩᠱᠢᠭ᠍ᠰᠠᠨ ᠣᠳᠠᠭ᠎ᠠ᠄ 3


ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ᠎ᠡᠴᠠ ᠤᠢᠯᠠᠭᠠᠭᠰᠠᠨ᠎ᠢᠶᠠᠷ ᠂ ᠦᠨᠳᠤᠰᠦᠨ ᠱᠠᠳᠤᠨ᠎ᠤ ᠨᠠᠮ᠎ᠤᠨ ᠵᠤᠬᠢᠶᠠᠨ ᠪᠠᠢᠭᠤᠯᠤᠯᠳᠠ ᠪᠠ ᠨᠠᠮ᠎ᠤᠨ ᠬᠡᠰᠢᠬᠦᠨ᠎ᠤ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠲᠠᠢᠯᠠᠯᠳᠤᠭᠠᠨ ᠲᠤᠮᠳᠠᠬᠢ ᠰᠠᠨᠠᠭᠠᠴᠢᠯᠠᠭ᠎ᠠ᠎ᠡᠴᠠ᠎ᠪᠠᠨ ᠡᠬᠦᠷᠭᠡ ᠬᠠᠷᠢᠭᠤᠴᠠᠯᠭ᠎ᠠ᠎ᠪᠠᠨ ᠬᠦᠢᠴᠡᠳᠭᠡᠬᠦ ᠤᠢᠯᠡᠳᠤᠯ᠎ᠢ ᠤᠯᠠᠮ ᠨᠢᠭᠡ ᠠᠯᠬᠤᠮ ᠪᠠᠳᠠᠷᠠᠭᠤᠯᠬᠤ᠎ᠶᠢᠨ ᠲᠦᠯᠦᠭᠡ ᠂ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠡ ᠨᠤᠳᠤᠭ ᠪᠡᠯᠴᠢᠭᠡᠷ᠎ᠤᠨ ᠲᠤᠪᠴᠢᠶ᠎ᠠ᠎ᠶᠢᠨ᠎ᠬᠢᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠡᠮᠤᠨ᠎ᠠ ᠹᠷᠤᠨᠲ᠎ᠲᠤ ᠬᠦᠷᠴᠤ ᠠᠵᠢᠯᠯᠠᠪᠠ ᠃
ᠬᠢᠵᠢᠭ᠎ᠤᠨ ᠪᠠᠢᠳᠠᠯ᠎ᠤᠨ ᠡᠮᠤᠨ᠎ᠠ ᠂ ᠦᠪᠤᠷ ᠮᠤᠩᠭᠤᠯ᠎ᠤᠨ ᠬᠤᠶᠠᠳᠤᠭᠠᠷ ᠤᠢ ᠰᠢᠭᠤᠢ᠎ᠶᠢᠨ ᠬᠢᠨᠠᠨ ᠪᠠᠢᠴᠠᠭᠠᠬᠤ ᠲᠦᠯᠦᠪᠵᠢᠬᠦᠯᠭᠡ᠎ᠶᠢᠨ ᠬᠦᠷᠢᠶᠡᠯᠡᠩ 20 ᠨᠠᠮ᠎ᠤᠨ ᠬᠡᠰᠢᠬᠦᠨ᠎ᠢ ᠬᠢᠩᠭᠠᠨ ᠠᠢᠮᠠᠭ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠨᠠᠮ᠎ᠤᠨ ᠬᠡᠰᠢᠬᠦᠨ᠎ᠤ ᠬᠤᠰᠢᠭᠤᠴᠢ ᠠᠩᠬᠢ᠎ᠳ᠋ᠤ ᠲᠤᠮᠢᠯᠠᠬᠤ ᠮᠡᠳᠡᠭᠳᠡᠯ᠎ᠢ ᠤᠯᠤᠭᠰᠠᠨ᠎ᠤ ᠲᠠᠷᠠᠭ᠎ᠠ ᠂ ᠤᠬᠤᠷᠬᠠᠨ ᠨᠢᠭᠡ ᠴᠠᠭ᠎ᠤᠨ ᠲᠤᠳᠤᠷ᠎ᠠ ᠨᠡᠷ᠎ᠠ ᠮᠡᠳᠡᠬᠦᠯᠦᠭᠰᠡᠨ ᠬᠦᠮᠦᠨ᠎ᠤ ᠲᠤᠭ᠎ᠠ 20 ᠬᠦᠮᠦᠨ᠎ᠢ ᠲᠠᠪᠠᠵᠠᠢ ᠃ ᠡᠨᠡ 20 ᠨᠠᠮ᠎ᠤᠨ ᠬᠡᠰᠢᠬᠦᠨ ᠬᠤᠶᠠᠷ ᠲᠤᠭᠤᠢᠯᠠᠩ ᠬᠤᠪᠢᠶᠠᠭᠳᠠᠵᠤ ᠂ ᠤᠯᠠᠭᠠᠨᠬᠤᠳᠠ᠎ᠶᠢᠨ ᠱᠧᠩ ᠯᠢ ᠬᠠᠷᠢᠶᠠᠳᠤ ᠲᠤᠭᠤᠷᠢᠭ᠎ᠤᠨ 12 ᠰᠠᠭᠤᠭᠠᠯᠢ ᠠᠷᠠᠳ᠎ᠤᠨ ᠵᠢᠵᠢᠬᠦᠷᠯᠡᠬᠦ ᠴᠡᠭ᠎ᠲᠤ ᠤᠷᠤᠵᠤ ᠭᠠᠷᠬᠤ ᠬᠦᠮᠦᠰ ᠵᠢᠴᠢ ᠲᠡᠷᠭᠡ᠎ᠶᠢ ᠪᠠᠢᠴᠠᠭᠠᠬᠤ ᠂ ᠲᠠᠩᠰᠠᠯᠠᠬᠤ ᠠᠵᠢᠯ᠎ᠢ ᠡᠬᠦᠷᠭᠡᠯᠡᠵᠤ ᠂ ᠰᠠᠭᠤᠭᠠᠯᠢ ᠠᠷᠠᠳ᠎ᠤᠨ ᠮᠡᠳᠡᠭᠡ ᠵᠠᠩᠬᠢ᠎ᠶᠢ ᠤᠢᠯᠠᠭᠠᠵᠤ ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠮᠡᠳᠡᠯᠭᠡ᠎ᠶᠢ ᠤᠬᠠᠭᠤᠯᠵᠤ ᠪᠠᠢᠨ᠎ᠠ ᠃ ᠠᠵᠢᠯᠯᠠᠭ᠎ᠠ ᠲᠤᠮᠳᠠ ᠂ ᠲᠤᠰ ᠬᠦᠷᠢᠶᠡᠯᠡᠩ᠎ᠤᠨ 10 ᠭᠠᠷᠤᠢ ᠨᠠᠮ᠎ᠤᠨ ᠬᠡᠰᠢᠬᠦᠨ ᠪᠠᠰᠠ ᠰᠠᠢᠨ ᠲᠤᠷ᠎ᠠ᠎ᠶᠢᠨ ᠤᠢᠯᠡᠴᠢᠯᠡᠭᠡᠨ᠎ᠤ ᠠᠩᠬᠢ᠎ᠳ᠋ᠤ ᠤᠷᠤᠯᠴᠠᠵᠠᠢ ᠃
ᠡᠬᠦᠨ᠎ᠤ ᠬᠠᠮᠳᠤ ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠡᠮᠤᠨ᠎ᠠ ᠹᠷᠤᠨᠲ᠎ᠲᠤ ᠨᠠᠮ᠎ᠤᠨ ᠬᠡᠰᠢᠬᠦᠨ᠎ᠤ ᠰᠠᠢᠨ ᠲᠤᠷ᠎ᠠ᠎ᠶᠢᠨ ᠤᠢᠯᠡᠴᠢᠯᠡᠭᠡᠨ᠎ᠤ ᠠᠩᠬᠢ᠎ᠶᠢ ᠵᠤᠬᠢᠶᠠᠨ ᠪᠠᠢᠭᠤᠯᠵᠤ ᠂ ᠨᠠᠮ᠎ᠤᠨ ᠬᠡᠰᠢᠬᠦᠨ᠎ᠤ ᠬᠤᠰᠢᠭᠤᠴᠢ ᠠᠩᠬᠢ᠎ᠶᠢᠨ ᠠᠵᠢᠯ᠎ᠤᠨ ᠪᠠᠢᠷᠢ ᠲᠤᠬᠢᠷᠠᠭᠤᠯᠤᠨ ᠂ ᠵᠤᠬᠢᠶᠠᠨ ᠪᠠᠢᠭᠤᠯᠵᠤ ᠵᠢᠯᠤᠭᠤᠳᠬᠤ ᠠᠵᠢᠯ᠎ᠢ ᠰᠠᠢᠳᠤᠷ ᠬᠢᠵᠤ ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠬᠠᠷᠢᠭᠤᠴᠠᠯᠭ᠎ᠠ᠎ᠶᠢ ᠰᠠᠯᠠᠭ᠎ᠠ ᠮᠦᠴᠢᠷ ᠨᠢᠭᠡᠪᠤᠷᠢ ᠂ ᠨᠠᠮ᠎ᠤᠨ ᠬᠡᠰᠢᠬᠦᠨ ᠨᠢᠬᠡᠪᠦᠷᠢ᠎ᠳ᠋ᠤ ᠬᠦᠷᠳᠡᠯ᠎ᠠ ᠨᠠᠢᠳᠠᠪᠤᠷᠢᠵᠢᠭᠤᠯᠪᠠ ᠃ ᠪᠠᠰᠠ ᠬᠠᠷᠢᠶ᠎ᠠ ᠭᠠᠵᠠᠷ᠎ᠤᠨ ᠵᠡᠭᠡᠯᠢ ᠭᠤᠳᠤᠮᠵᠢ ᠨᠡᠢᠭᠡᠮ ᠲᠤᠭᠤᠷᠢᠭ᠎ᠤᠨ ᠨᠠᠮ᠎ᠤᠨ ᠵᠤᠬᠢᠶᠠᠨ ᠪᠠᠢᠭᠤᠯᠤᠯᠳᠠ᠎ᠲᠠᠢ ᠬᠠᠮᠵᠢᠯᠴᠠᠵᠤ ᠂ ᠰᠠᠨᠠᠭᠠᠴᠢᠯᠠᠭ᠎ᠠ᠎ᠡᠴᠠ᠎ᠪᠠᠨ ᠰᠠᠭᠤᠭᠠᠯᠢ ᠲᠤᠭᠤᠷᠢᠭ᠎ᠤᠨ ᠰᠦᠯᠵᠢᠶᠡᠵᠢᠭᠰᠡᠨ ᠬᠠᠮᠢᠶᠠᠷᠤᠯᠳᠠ᠎ᠳ᠋ᠤ ᠤᠷᠤᠯᠴᠠᠵᠤ ᠂ ᠰᠦᠯᠵᠢᠶᠡᠨ᠎ᠤ ᠤᠢᠯᠡᠴᠢᠯᠡᠭᠡ ᠦᠷᠨᠢᠬᠦᠯᠪᠡ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠴᠣᠷᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面