2020-02-27 10:32:30
ᠤᠳᠤᠬᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢᠳᠠᠯ ᠳᠠᠷᠬᠠᠨ ᠳᠡᠯᠭᠡᠷᠡᠬᠦ᠎ᠶᠢ ᠰᠡᠷᠭᠡᠢᠯᠡᠨ ᠡᠵᠡᠮᠳᠡᠭᠦ ᠵᠠᠩᠭᠢᠯᠠᠭ᠎ᠠ᠎ᠶᠢᠨ ᠬᠤᠭᠤᠴᠠᠭᠠᠨ᠎ᠳ᠋ᠤ ︽ ᠭᠡᠷ᠎ᠢᠶᠡᠨ ᠰᠠᠬᠢᠨ ᠰᠠᠭᠤᠬᠤ ︾᠎ᠨᠢ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠭᠦ ᠪᠦᠲᠦᠮᠵᠢᠲᠡᠶ ᠠᠷᠭ᠎ᠠ ᠬᠡᠯᠪᠡᠷᠢ ᠪᠣᠯᠵᠤ ᠪᠠᠢᠨ᠎ᠠ ᠃


ᠲᠦᠩᠯᠢᠶᠤᠤ ᠬᠤᠳᠠ᠎ᠶᠢᠨ ᠵᠠᠷᠤᠳ ᠬᠣᠰᠢᠭᠤᠨ᠎ᠤ ᠤᠯᠠᠭᠠᠨᠬᠠᠳᠠ ᠰᠤᠮᠤᠨ᠎ᠤ ᠮᠠᠯᠴᠢᠳ ᠨᠠᠮ ᠵᠠᠰᠠᠭ᠎ᠤᠨ ᠤᠷᠢᠶᠠᠯᠠᠭ᠎ᠠ᠎ᠶᠢ ᠢᠳᠡᠪᠬᠢᠲᠡᠢ ᠴᠤᠤᠷᠢᠶᠠᠲᠤᠵᠤ ᠂ ︽ ᠭᠡᠷ᠎ᠢᠶᠡᠨ ᠰᠠᠬᠢᠵᠤ ᠂ ᠬᠢᠵᠢᠭ᠎ᠢ ᠰᠡᠷᠬᠡᠢᠯᠡᠬᠦ ︾᠎ᠳ᠋ᠤ ᠦᠪᠡᠷ᠎ᠤᠨ ᠬᠤᠪᠢ ᠨᠡᠮᠡᠷᠢ᠎ᠪᠠᠨ ᠦᠵᠡᠭᠦᠯᠬᠦ᠎ᠶᠢᠨ ᠬᠠᠮᠳᠤ ᠂ ᠭᠡᠷ᠎ᠲᠡᠭᠡᠨ ᠰᠠᠭᠤᠭᠰᠠᠨ ᠡᠳᠦᠷ ᠬᠤᠨᠤᠭ᠎ᠢᠶᠡᠨ ᠤᠳᠬ᠎ᠠ ᠠᠭᠤᠯᠭ᠎ᠠ᠎ᠲᠠᠢ ᠦᠩᠬᠡᠷᠡᠭᠡᠭᠦᠶᠢ ᠡᠷᠬᠢᠮᠯᠡᠵᠦ ᠪᠤᠢ ᠃ ᠡᠨᠡ ᠬᠤᠭᠤᠴᠠᠭᠠᠨ᠎ᠳ᠋ᠤ ᠂ ᠳᠡᠳᠡ ᠨᠠᠷ᠎ᠤᠨ ᠵᠠᠷᠢᠮᠠᠳ᠎ᠨᠢ ᠦᠷ᠎ᠡ ᠬᠡᠦᠬᠡᠳ᠎ᠲᠡᠭᠡᠨ ᠦᠨᠳᠦᠰᠦᠲᠡᠨ᠎ᠤ ᠭᠠᠷ ᠤᠷᠠᠯᠠᠯ᠎ᠢᠶᠡᠨ ᠤᠯᠠᠮᠵᠢᠯᠠᠨ ᠵᠢᠭᠠᠵᠤ ᠂ ᠵᠠᠷᠢᠮᠠᠳ᠎ᠨᠢ ᠴᠠᠭᠠᠨ ᠢᠳᠡᠭᠡ ᠪᠤᠯᠪᠠᠰᠤᠷᠠᠭᠤᠯᠤᠨ ᠂ ᠵᠠᠷᠢᠮᠠᠳ᠎ᠨᠢ ᠬᠤᠸᠠᠷ ᠴᠡᠴᠡᠭ ᠠᠷᠠᠴᠢᠯᠠᠬᠤ᠎ᠶᠢᠨ ᠲᠠᠭᠠᠤ ︽ ᠭᠡᠷ᠎ᠲᠡᠭᠡᠨ ᠰᠠᠭᠤᠨ ᠬᠢᠵᠢᠭ᠎ᠢ ᠡᠰᠡᠷᠭᠦᠴᠡᠶ᠎ᠡ ︾ ᠵᠢᠷᠬᠢᠶ᠎ᠡ᠎ᠶᠢᠨ ᠬᠤᠯᠪᠤᠭ᠎ᠠ᠎ᠪᠠᠷ ᠳᠠᠮᠵᠢᠨ ᠬᠠᠷᠢᠯᠴᠠᠨ ᠤᠷ᠎ᠠ ᠮᠡᠷᠭᠡᠵᠢᠯ᠎ᠢᠶᠡᠨ ᠰᠣᠯᠢᠯᠴᠠᠨ ᠂ ᠬᠤᠸᠠᠷ ᠴᠡᠴᠡᠭ ᠠᠷᠠᠴᠢᠯᠠᠬᠤ ᠂ ᠲᠦᠯ ᠳᠤᠰᠤᠨ ᠮᠠᠯ ᠤᠨᠤᠭ᠎ᠠ ᠲᠡᠵᠢᠭᠡᠨ ᠦᠷᠡᠵᠢᠭᠦᠯᠬᠦ ᠮᠡᠳᠡᠯᠭᠡ ᠮᠡᠷᠭᠡᠵᠢᠯ᠎ᠢᠶᠡᠨ ᠰᠣᠯᠢᠯᠴᠠᠨ᠎ᠠ ᠁
︽ ᠠᠢᠯ ᠰᠠᠭᠠᠬᠠᠯᠳᠠ᠎ᠶᠢᠨ ᠠᠮᠢ᠎ᠨᠢ ᠨᠢᠭᠡ ︾ ᠃ ᠤᠨᠴᠠᠭᠠᠢ ᠴᠠᠭ ᠦᠶ᠎ᠠ᠎ᠳ᠋ᠤ ᠨᠡᠩ ᠴᠦ ᠬᠠᠷᠢᠯᠴᠠᠨ ᠤᠢᠯᠠᠭᠠᠯᠴᠠᠨ ᠬᠠᠷᠢᠯᠴᠠᠨ ᠲᠦᠰᠢᠯᠴᠡᠭᠦ ᠤᠴᠢᠷᠳᠠᠢ ᠃ ᠳᠤᠰ ᠬᠤᠰᠢᠭᠤᠨ᠎ᠤ ᠤᠯᠠᠭᠠᠨᠬᠠᠳᠠ ᠰᠤᠮᠤᠨ᠎ᠤ ᠮᠠᠯᠴᠢᠳ ᠬᠢᠵᠢᠭ᠎ᠤᠨ ᠪᠠᠢᠳᠠᠯ᠎ᠢ ᠰᠠᠷᠭᠡᠢᠯᠡᠨ ᠡᠵᠡᠮᠳᠡᠭᠦ ᠠᠵᠢᠯ᠎ᠳ᠋ᠤ ᠭᠠᠪᠰᠢᠭᠠᠢᠯᠠᠵᠤ ᠪᠠᠢᠭ᠎ᠠ ᠠᠵᠢᠯᠳᠠᠳ᠎ᠲᠤ ᠪᠠᠩᠰᠢ ᠂ ᠱᠥᠯᠥ ᠂ ᠴᠠᠭᠠᠨ ᠢᠳᠡᠭᠡ ᠂ ᠪᠤᠤᠪᠤ᠋ ᠪᠤᠭᠤᠷᠰᠤᠭ ᠬᠦᠷᠭᠡᠨ ᠦᠭᠴᠦ ᠂ ᠮᠠᠯᠴᠢᠨ ᠲᠦᠮᠡᠨ᠎ᠤ ᠡᠷᠡᠭᠦᠯ ᠮᠡᠨᠳᠤ ᠠᠮᠤᠷ ᠲᠦᠪᠰᠢᠨ᠎ᠤ ᠲᠦᠯᠦᠭᠡ ᠬᠦᠴᠦ ᠬᠦᠳᠡᠯᠮᠦᠷᠢ ᠭᠠᠷᠭᠠᠵᠤ ᠪᠠᠢᠭ᠎ᠠ ᠠᠵᠢᠯᠳᠠᠨ᠎ᠳ᠋ᠤ ᠪᠠᠶᠠᠷᠯᠠᠵᠤ ᠳᠠᠯᠠᠷᠬᠠᠭᠰᠠᠨ ᠰᠡᠳᠬᠢᠯ᠎ᠢᠶᠡᠨ ᠢᠯᠡᠳᠭᠡᠵᠤ ᠪᠠᠢᠯ᠎ᠠ ᠃


︽ ᠲᠠᠳᠠ ᠬᠠᠬᠢᠷ ᠬᠦᠢᠲᠡᠨ᠎ᠢ ᠬᠠᠢᠬᠤᠷᠤᠯ ᠥᠬᠡᠶ ᠂ ᠡᠳᠦᠷ ᠰᠥᠨᠢ ᠢᠯᠭᠠᠯ ᠥᠬᠡᠶ ᠂ ᠮᠠᠨ᠎ᠤ ᠭᠠᠴᠠᠭᠠᠨ᠎ᠤ ᠮᠠᠯᠴᠢᠳ᠎ᠤᠨ ᠠᠮᠤᠷ ᠲᠦᠪᠰᠢᠨ᠎ᠢ ᠪᠠᠲᠤᠯᠠᠨ ᠠᠵᠢᠯᠯᠠᠵᠤ ᠪᠠᠢᠬᠤ᠎ᠳ᠋ᠤ ᠪᠢᠳᠡ ᠨᠠᠷ ᠴᠦ ᠪᠦᠬᠦ ᠬᠦᠴᠦᠨ᠎ᠢᠶᠠᠷ᠎ᠢᠶᠡᠨ ᠳᠡᠮᠵᠢᠭᠦ ᠶᠤᠰᠤᠳᠠᠢ ᠂ ᠭᠠᠷᠴᠦ ᠤᠷᠤᠬᠤ᠎ᠪᠠᠨ ᠴᠦᠭᠡᠳᠭᠡᠨ ᠬᠡᠷ᠎ᠲᠡᠭᠡᠨ ᠰᠠᠭᠤᠨ᠎ᠠ ᠃ ᠬᠡᠪᠡᠴᠦ ᠬᠡᠷ᠎ᠲᠡᠭᠡᠨ ᠰᠠᠭᠤᠭᠰᠠᠨ ᠴᠦ ᠵᠦᠭᠡᠷ ᠰᠠᠭᠤᠵᠤ ᠪᠤᠯᠬᠤ ᠦᠭᠡᠢ ᠂ ᠤᠳᠬ᠎ᠠ ᠠᠭᠤᠯᠭ᠎ᠠ᠎ᠲᠠᠢ ᠦᠩᠭᠡᠷᠡᠭᠦᠯᠬᠦ ᠬᠡᠷᠡᠭᠳᠠᠢ ︾ ᠭᠡᠵᠤ ᠤᠯᠠᠭᠠᠨᠬᠠᠳᠠ ᠰᠤᠮᠤᠨ᠎ᠤ ᠬᠤᠩᠬᠠᠳᠤ ᠭᠠᠴᠠᠭᠠᠨ᠎ᠤ ᠮᠠᠯᠴᠢᠨ ᠨᠤᠭᠤᠨᠳᠠᠭᠤᠯᠠ ᠶᠠᠷᠢᠨ᠎ᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃