ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠨᠠᠮ᠎ᠤ᠋ᠨ ᠲᠤᠭ

2020-03-04 11:06:36

ᠵᠣᠬᠢᠶᠠᠭ᠍ᠴᠢ᠄ ᠪᠤᠤ ᠥᠷᠭᠡᠨ ᠣᠩᠱᠢᠭ᠍ᠰᠠᠨ ᠣᠳᠠᠭ᠎ᠠ᠄ 3

3 ᠰᠠᠷ᠎ᠠ᠎ᠶᠢᠨ 3᠎ᠤ ᠥᠳᠠ᠎ᠶᠢᠨ ᠬᠤᠢᠨ᠎ᠠ ᠂ ᠥᠪᠡᠷᠳᠡᠭᠡᠨ ᠵᠠᠰᠠᠬᠤ ᠤᠷᠤᠨ᠎ᠤ ᠰᠢᠨ᠎ᠠ ᠲᠢᠳᠢᠮᠯᠢᠭ ᠠᠭᠤᠰᠬᠢᠨ ᠥᠷᠪᠢᠰᠥᠯ᠎ᠤᠨ ᠬᠢᠵᠢᠭ᠎ᠢ ᠰᠡᠷᠭᠡᠢᠯᠡᠨ ᠡᠵᠡᠮᠳᠡᠬᠥ ᠠᠵᠢᠯ᠎ᠤᠨ ᠵᠢᠯᠤᠭᠤᠳᠬᠤ ᠭᠠᠵᠠᠷ ᠰᠤᠷᠪᠤᠯᠵᠢᠯᠠᠬᠴᠢ᠎ᠶᠢᠨ ᠠᠭᠤᠯᠵᠠᠯᠳᠠ᠎ᠶᠢᠨ ᠬᠤᠷᠠᠯ ᠬᠢᠪᠠ ᠃ ᠬᠤᠷᠠᠯ ᠲᠡᠭᠡᠷ᠎ᠠ ᠂ ᠬᠢᠵᠢᠭ᠎ᠢ ᠰᠡᠷᠭᠡᠢᠯᠡᠨ ᠡᠵᠡᠮᠳᠡᠬᠥ ᠡᠮᠦᠨ᠎ᠠ ᠹᠷᠥᠨᠲ᠎ᠲᠤ ᠭᠠᠪᠰᠢᠭᠠᠢᠯᠠᠵᠤ ᠪᠠᠢᠭ᠎ᠠ ᠠᠳᠠᠯᠢ ᠪᠤᠰᠤ ᠠᠵᠢᠯ ᠲᠥ᠋ᠷᠥᠯ᠎ᠤᠨ ᠲᠥᠯᠥᠭᠡᠯᠡᠭᠴᠢ ᠬᠥᠮᠥᠰ᠎ᠡᠴᠠ ᠬᠢᠵᠢᠭ᠎ᠢ ᠰᠡᠷᠭᠡᠢᠯᠡᠨ ᠡᠵᠡᠮᠳᠡᠬᠥ ᠶᠠᠪᠤᠴᠠ᠎ᠳ᠋ᠤ ᠲᠤᠬᠢᠶᠠᠯᠳᠤᠬᠰᠠᠨ ᠤᠯᠤᠯᠳᠠ ᠲᠥᠷᠥᠭᠳᠠᠯ᠎ᠢᠶᠡᠨ ᠪᠤᠳᠠᠳᠤ ᠥᠯᠢᠭᠡᠷ ᠵᠢᠱᠢᠶ᠎ᠠ᠎ᠪᠠᠷ ᠤᠬᠤᠷ ᠠᠪᠰᠠᠷᠬᠠᠨ᠎ᠢᠶᠠᠷ ᠰᠤᠷᠪᠤᠯᠵᠢᠯᠠᠬᠴᠢᠳ᠎ᠤᠨ ᠠᠰᠠᠭᠤᠯᠳᠠ᠎ᠳ᠋ᠤ ᠬᠠᠷᠢᠭᠤᠯᠳᠠ ᠥᠭᠴᠠᠢ ᠃ ᠲᠠᠳᠠᠨᠠᠷ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ᠎ᠲᠤ ᠢᠳᠡᠪᠬᠢᠯᠡᠨ ᠣᠷᠣᠯᠴᠠᠵᠤ ᠂ ᠢᠳᠡᠪᠬᠢᠲᠡᠶ᠎ᠪᠠᠷ ᠬᠦᠴᠦᠨ ᠴᠢᠳᠠᠯ᠎ᠢᠶᠡᠨ ᠡᠷᠭᠦᠬᠥ᠎ᠳ᠋ᠡᠭᠡᠨ ᠡᠨᠡ ᠤᠳᠠᠭ᠎ᠠ᠎ᠶᠢᠨ ᠬᠠᠳᠠᠭᠤ ᠲᠠᠢᠯᠠᠯᠳᠤᠭᠠᠨ᠎ᠳ᠋ᠤ ᠵᠠᠪᠠᠯ ᠢᠯᠠᠨ᠎ᠠ ᠬᠡᠵᠥ ᠢᠳᠡᠭᠡᠯ ᠲᠡᠬᠦᠯᠳᠡᠷ ᠶᠠᠷᠢᠵᠤ ᠪᠠᠢᠯ᠎ᠠ ᠃
ᠸᠠᠩ ᠶᠠᠨ ᠄ ︵ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ᠎ᠶᠢᠨ ᠬᠣᠷᠢᠶᠠᠨ᠎ᠤ ᠠᠮᠢᠰᠬᠤᠯ ᠪᠠ ᠠᠶᠤᠯᠲᠠᠶ ᠬᠦᠨᠳᠦ ᠡᠪᠡᠳᠴᠢᠨ᠎ᠤ ᠡᠮᠨᠡᠯᠭᠡ᠎ᠶᠢᠨ ᠰᠠᠯᠠᠭ᠎ᠠ᠎ᠶᠢᠨ ᠭᠣᠤᠯᠯᠠᠬᠴᠢ ᠡᠮᠴᠢ ᠃ ᠤᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ᠎ᠶᠢᠨ ᠬᠣᠷᠢ‍ ᠢ᠎ᠠ᠎ᠶᠢᠨ ᠬᠤᠪᠸᠢ᠎ᠶᠢ ᠠᠪᠤᠷᠠᠨ ᠲᠤᠰᠠᠯᠠᠬᠤ ᠡᠮᠴᠢᠯᠡᠭᠡᠨ᠎ᠤ ᠠᠩᠬᠢ᠎ᠶᠢᠨ ᠳᠠᠷᠤᠭ᠎ᠠ ᠂ ᠵᠢᠩ ᠮᠸᠨ᠎ᠤ ᠵᠦᠩ ᠰᠢᠶᠠᠩ ᠬᠤᠳᠠ᠎ᠶᠢᠨ ᠠᠪᠤᠷᠠᠨ ᠲᠤᠰᠠᠯᠠᠬᠤ ᠡᠮᠴᠢᠯᠡᠭᠡᠨ᠎ᠤ ᠠᠩᠬᠢ᠎ᠶᠢᠨ ᠳᠠᠷᠤᠭ᠎ᠠ᠎ᠶᠢᠨ ᠠᠵᠢᠯ᠎ᠢᠶᠠᠷ ᠡᠮᠥᠨ᠎ᠠ ᠹᠷᠥᠨᠲ᠎ᠲᠤ ᠭᠠᠪᠰᠢᠭᠠᠢᠯᠠᠵᠥ ᠂ ᠬᠤᠷᠠᠯ᠎ᠤᠨ ᠠᠬᠤᠢ ᠲᠡᠯᠡᠪᠡᠢ᠎ᠳ᠋ᠤ ᠤᠳᠠᠰᠤ᠎ᠪᠠᠷ ᠰᠤᠷᠪᠤᠯᠵᠢᠯᠠᠬᠴᠢᠳ᠎ᠤᠨ ᠠᠰᠠᠭᠤᠯᠳᠠ᠎ᠶᠢ ᠬᠠᠷᠢᠭᠤᠯᠪᠠ ︶ ᠰᠢᠨ᠎ᠡ ᠴᠠᠭ ᠦᠶ᠎ᠡ᠎ᠶᠢᠨ ᠡᠮᠨᠡᠯᠭᠡ᠎ᠶᠢᠨ ᠵᠠᠯᠠᠭᠤ ᠠᠵᠢᠯᠲᠠᠨ ᠪᠣᠯᠤᠭᠰᠠᠨ᠎ᠤ ᠬᠤᠪᠢ᠎ᠳ᠋ᠤ ᠂ ᠨᠠᠮ᠎ᠳ᠋ᠤ ᠣᠷᠣᠬᠤ ᠪᠠ ᠡᠮᠴᠢᠯᠡᠭᠡᠨ᠎ᠤ ᠣᠭ ᠰᠠᠨᠠᠭ᠎ᠠ᠎ᠪᠠᠨ ᠢᠮᠠᠭᠲᠠ ᠪᠠᠲᠤ ᠴᠡᠭᠡᠵᠢᠯᠡᠵᠦ ᠂ ᠲᠣᠰ ᠪᠡᠶ᠎ᠡ᠎ᠶᠢᠨ ᠰᠤᠷᠤᠯᠴᠠᠯᠭ᠎ᠠ᠎ᠪᠠᠨ ᠴᠢᠷᠮᠠᠶᠢᠨ ᠴᠢᠩᠭᠠᠳᠬᠠᠵᠤ ᠂ ᠲᠣᠰ ᠪᠡᠶ᠎ᠡ᠎ᠶᠢᠨ ᠦᠭᠡ ᠶᠠᠷᠢᠶ᠎ᠠ ᠦᠶᠯᠡ ᠠᠵᠢᠯᠯᠠᠭ᠎ᠠ᠎ᠪᠠᠨ ᠴᠢᠩᠭ᠎ᠠ ᠵᠢᠷᠤᠮᠵᠢᠭᠤᠯᠵᠤ ᠂ ᠬᠤᠪᠢ ᠬᠥᠮᠦᠨ᠎ᠤ ᠬᠣᠷᠢᠭ᠎ᠠ ᠱᠤᠭᠤᠮ᠎ᠢᠶᠡᠨ ᠰᠠᠶᠢᠲᠤᠷ ᠰᠠᠬᠢᠵᠤ ᠂ ᠡᠪᠡᠳᠴᠢᠲᠡᠨ᠎ᠢᠶᠠᠷ ᠭᠣᠤᠯ ᠪᠣᠯᠭᠠᠬᠤ᠎ᠶᠢ ᠪᠠᠷᠢᠮᠲᠠᠯᠠᠵᠤ ᠂ ᠡᠪᠡᠳᠴᠢᠲᠡᠨ᠎ᠤ ᠬᠠᠨᠤᠮᠵᠢ᠎ᠶᠢᠨ ᠬᠡᠮᠵᠢᠶ᠎ᠡ ᠪᠠ ᠡᠪᠡᠳᠴᠢᠨ ᠦᠵᠡᠭᠦᠯᠬᠦ ᠥᠩᠭᠡᠷᠡᠯᠲᠡ᠎ᠶᠢ ᠲᠠᠰᠤᠷᠠᠯᠲᠠ ᠥᠬᠡᠶ ᠰᠠᠶᠢᠵᠢᠷᠠᠭᠤᠯᠵᠤ ᠂ ᠡᠳᠦᠷ ᠲᠤᠲᠤᠮ᠎ᠤᠨ ᠠᠵᠢᠯ᠎ᠤᠨ ᠳᠤᠮᠳᠠ ᠬᠣᠰᠢᠭᠤᠴᠢ ᠵᠢᠱᠢᠶᠡᠴᠢ ᠦᠶᠯᠡᠳᠦᠯ᠎ᠢᠶᠡᠨ ᠴᠠᠭ ᠢᠮᠠᠭᠲᠠ ᠪᠠᠳᠠᠷᠠᠭᠤᠯᠬᠤ᠎ᠪᠠᠷ ᠴᠢᠷᠮᠠᠢᠵᠤ ᠪᠠᠢᠨ᠎ᠠ ᠃
ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶᠢᠳᠠᠯ ᠡᠭᠥᠰᠦᠭᠰᠡᠨ᠎ᠤ ᠳᠠᠷᠠᠭ᠎ᠠ ᠂ ᠲᠡᠷᠡ ᠳᠠᠷᠤᠶ᠎ᠳ᠋ᠤᠨᠢ ᠡᠮᠨᠡᠯᠭᠡ᠎ᠶᠢᠨ ᠬᠣᠷᠢᠶᠠᠨ᠎ᠤ ᠡᠮᠥᠨ᠎ᠠ ᠹᠷᠥᠨᠲ᠎ᠲᠤ ᠬᠥᠷᠴᠤ ᠠᠵᠢᠯᠯᠠᠬᠤ᠎ᠪᠠᠷ ᠭᠤᠶᠤᠴᠢᠯᠠᠬᠤ ᠪᠢᠴᠢᠭ᠎ᠢᠶᠡᠨ ᠲᠤᠰᠢᠶᠠᠪᠠ ᠃ ᠲᠤᠰ ᠡᠮᠨᠡᠯᠭᠡ᠎ᠶᠢᠨ ᠬᠣᠷᠢᠶᠠᠨ᠎ᠤ 16 ᠬᠠᠮᠲᠤ ᠠᠵᠢᠯᠯᠠᠭᠴᠢ᠎ᠪᠠᠨ ᠳᠠᠭᠠᠭᠤᠯᠤᠨ ᠬᠤᠪᠸᠢ᠎ᠶᠢ ᠲᠤᠰᠠᠯᠠᠬᠤ ᠠᠡᠭᠬᠠᠳᠤᠭᠠᠷ ᠪᠦᠯᠦᠭ᠎ᠤᠨ ᠡᠮᠴᠢᠯᠡᠭᠡᠨ᠎ᠤ ᠠᠩᠭᠢ᠎ᠪᠠᠷ 1 ᠰᠠᠷ᠎ᠠ᠎ᠶᠢᠨ 28᠎ᠤ ᠡᠳᠦᠷ ᠬᠤᠪᠸᠢ ᠵᠥᠭ ᠮᠤᠷᠳᠠᠵᠠᠢ ᠃ ᠠᠵᠢᠯ᠎ᠢᠶᠡᠨ ᠲᠣᠬᠢᠷᠠᠭᠤᠯᠤᠭᠰᠠᠨ᠎ᠤ ᠳᠠᠷᠠᠭ᠎ᠠ ᠵᠢᠩ ᠮᠧᠨ ᠭᠠᠵᠠᠷ ᠣᠷᠣᠨ᠎ᠤ ᠬᠢᠵᠢᠭ᠎ᠤᠨ ᠪᠠᠶᠢᠳᠠᠯ ᠬᠠᠮᠤᠬ᠎ᠤᠨ ᠬᠦᠨᠳᠦ ᠨᠣᠴᠢᠲᠠᠶ ᠵᠦᠩ ᠰᠢᠶᠠᠩ ᠬᠣᠲᠠ᠎ᠶᠢᠨ ᠡᠮ ᠡᠮᠨᠡᠯᠭᠡ᠎ᠶᠢᠨ ᠲᠤᠰᠠᠯᠠᠮᠵᠢ ᠦᠵᠡᠭᠦᠯᠬᠦ ᠠᠵᠢᠯ᠎ᠢ ᠰᠠᠨᠠᠭᠠᠴᠢᠯᠠᠭ᠎ᠠ ᠠᠴᠠ᠎ᠪᠠᠨ ᠡᠭᠦᠷᠭᠡᠯᠡᠵᠡᠶ ᠃ 47 ᠬᠥᠮᠦᠨ᠎ᠢ ᠳᠠᠭᠠᠭᠤᠯᠤᠨ ᠵᠢᠩ ᠮᠸᠨ᠎ᠤ ᠰᠢᠶᠤᠤ ᠲᠠᠩ ᠱᠠᠨ ᠡᠮᠨᠡᠯᠭᠡ᠎ᠶᠢᠨ ᠬᠣᠷᠢ‍ ᠢ᠎ᠠ  ᠵᠦᠩ ᠰᠢᠶᠠᠩ ᠲᠦᠩ ᠷᠧᠨ ᠡᠮᠨᠡᠯᠭᠡ᠎ᠶᠢᠨ ᠬᠣᠷᠢ‍ ᠢ᠎ᠠ᠎ᠳ᠋ᠤ ᠬᠦᠷᠴᠦ ᠠᠪᠤᠷᠠᠨ ᠵᠠᠰᠠᠬᠤ ᠠᠵᠢᠯ᠎ᠢᠶᠡᠨ ᠡᠬᠢᠯᠡᠭᠦᠯᠪᠡ ᠃ ᠪᠢ ᠶᠠᠭᠠᠬᠢᠭᠠᠳ ᠪᠡᠭᠡᠵᠢᠩ᠎ᠳ᠋ᠤ ᠳᠠᠪᠲᠠᠨ ᠰᠤᠷᠤᠯᠴᠠᠵᠤ ᠪᠠᠶᠢᠬᠤ ᠬᠤᠭᠤᠴᠠᠭᠠᠨ᠎ᠳᠠᠭᠠᠨ ᠰᠤᠷᠤᠯᠭ᠎ᠠ᠎ᠪᠠᠨ ᠬᠣᠶᠢᠰᠢᠯᠠᠭᠤᠯᠬᠤ᠎ᠪᠠᠷ ᠰᠣᠩᠭᠣᠭᠰᠠᠨ᠎ᠢ ᠪᠤᠰᠤᠳ ᠬᠥᠮᠦᠨ ᠣᠶᠢᠯᠠᠭᠠᠬᠤ ᠦᠭᠡᠢ ᠪᠠᠶᠢᠨ᠎ᠠ ᠂ ᠭᠡᠪᠡᠴᠦ ᠡᠪ ᠬᠠᠮᠲᠤ ᠨᠠᠮ᠎ᠤᠨ ᠭᠡᠰᠢᠭᠦᠨ ᠪᠣᠯᠤᠭᠰᠠᠨ᠎ᠤ ᠬᠤᠪᠢ᠎ᠳ᠋ᠤ ᠤᠯᠤᠰ ᠣᠷᠣᠨ ᠪᠠ ᠦᠨᠳᠦᠰᠦᠲᠡᠨ᠎ᠤ ᠠᠶᠤᠯ ᠲᠦᠭᠰᠢᠭᠦᠷᠢ᠎ᠲᠠᠢ ᠦᠶ᠎ᠡ᠎ᠳ᠋ᠤ ᠬᠦᠨᠳᠦ ᠡᠭᠦᠷᠭᠡ᠎ᠶᠢ ᠵᠣᠷᠢᠭᠲᠠᠶ᠎ᠪᠠᠷ ᠡᠭᠦᠷᠭᠡᠯᠡᠵᠦ ᠶᠠᠪᠤᠬᠤ᠎ᠨᠢ ᠮᠢᠨᠥ ᠲᠠᠷᠬᠠᠨ ᠬᠠᠷᠢᠭᠤᠴᠠᠯᠭ᠎ᠠ ᠪᠤᠯᠬᠤ ᠶᠤᠮ ᠃
ᠦ᠋ ᠾᠧ ᠰᠢᠶᠠᠩ ᠄ ︵ ᠬᠥᠬᠡᠬᠤᠳᠠ᠎ᠶᠢᠨ ᠢᠦᠢᠢᠴᠢᠤᠸᠠᠨ ᠲᠣᠭᠣᠷᠢᠭ᠎ᠤᠨ ᠴᠢᠩ ᠴᠢᠤᠸᠠᠨ ᠵᠡᠭᠡᠯᠢ᠎ᠶᠢᠨ ᠨᠡᠶᠢᠭᠡᠮ ᠲᠣᠭᠣᠷᠢᠭ᠎ᠤᠨ ᠨᠠᠮ᠎ᠤᠨ ᠬᠣᠷᠢᠶᠠᠨ᠎ᠤ ᠱᠦᠵᠢ ᠂ ᠨᠡᠶᠢᠭᠡᠮ ᠲᠣᠭᠣᠷᠢᠭ᠎ᠤᠨ ᠡᠷᠬᠢᠯᠡᠭᠴᠢ ︶ ᠬᠢᠵᠢᠭ᠎ᠤᠨ ᠪᠠᠶᠢᠳᠠᠯ ᠪᠣᠯ ᠵᠠᠷᠯᠢᠭ ᠂ ᠰᠡᠷᠭᠡᠶᠢᠯᠡᠨ ᠡᠵᠡᠮᠳᠡᠬᠦ ᠪᠣᠯ ᠬᠠᠷᠢᠭᠤᠴᠠᠯᠭ᠎ᠠ ᠮᠥᠨ ᠃ 1 ᠰᠠᠷ᠎ᠠ᠎ᠶᠢᠨ 27᠎ᠤ ᠡᠳᠦᠷ᠎ᠡᠴᠠ ᠡᠬᠢᠯᠡᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠥ᠎ᠳ᠋ᠤ ᠨᠡᠶᠢᠭᠡᠮ ᠲᠣᠭᠣᠷᠢᠭ᠎ᠤᠨ ᠠᠵᠢᠯᠲᠠᠨ᠎ᠢᠶᠡᠨ ᠲᠣᠬᠢᠷᠠᠭᠤᠯᠵᠤ ᠂ ᠭᠠᠳᠠᠨ᠎ᠠ᠎ᠡᠴᠠ ᠢᠷᠡᠭᠰᠡᠨ ᠬᠥᠮᠦᠰ᠎ᠤᠨ ᠪᠠᠶᠢᠳᠠᠯ᠎ᠢ ᠪᠠᠶᠢᠴᠠᠭᠠᠵᠤ ᠡᠬᠢᠯᠡᠯ᠎ᠡ ᠃ ᠶᠠᠮᠠᠷ ᠣᠨᠴᠠᠭᠠᠢ ᠪᠠᠢᠳᠠᠯ ᠪᠠᠶᠢᠪᠠᠯ ᠂ ᠪᠢ ᠬᠠᠮᠤᠭ ᠲᠡᠷᠢᠭᠦᠨ᠎ᠳ᠋ᠤ ᠳᠡᠭᠡᠳᠤ ᠱᠠᠲᠤᠨ᠎ᠳ᠋ᠤ ᠬᠠᠷᠢᠭᠤ ᠮᠡᠳᠡᠭᠦᠯᠦᠨ᠎ᠡ ᠃ ︽ ᠬᠢᠵᠢᠭ᠎ᠤᠨ ᠪᠠᠶᠢᠳᠠᠯ ᠭᠡᠨᠡᠳᠲᠡ ᠡᠬᠦᠰᠦᠯ᠎ᠡ ᠂ ᠪᠢ ᠬᠥᠩᠭᠡᠨ ᠬᠠᠭᠤᠮᠠᠭᠠᠶ᠎ᠪᠠᠷ ᠬᠠᠨᠳᠤᠵᠤ ᠪᠣᠯᠬᠤ ᠥᠬᠡᠶ ︕ ︾ ᠬᠡᠵᠥ ᠲᠠᠩᠭᠠᠷᠢᠬᠯᠠᠪᠠ ᠃ ᠲᠡᠷᠡ ᠪᠠᠷᠢᠨ ᠴᠢᠩ ᠴᠢᠤᠸᠠᠨ ᠵᠡᠭᠡᠯᠢ᠎ᠶᠢᠨ ᠨᠡᠶᠢᠭᠡᠮ ᠲᠣᠭᠣᠷᠢᠭ᠎ᠤᠨ ᠬᠠᠷᠢᠶ᠎ᠠ ᠣᠷᠣᠨ᠎ᠳ᠋ᠤ ᠰᠡᠷᠭᠡᠶᠢᠯᠡᠨ ᠡᠵᠡᠮᠳᠡᠬᠦ ᠺᠠᠷᠲ ᠭᠠᠷᠭᠠᠵᠤ ᠂ 300 ᠭᠠᠷᠤᠶ ᠰᠠᠶᠢᠨ ᠳᠤᠷ᠎ᠠ᠎ᠶᠢᠨ ᠠᠵᠢᠯᠯᠠᠭᠴᠢ ᠡᠯᠰᠡᠵᠦ ᠂ ᠠᠵᠢᠯ᠎ᠤᠨ ᠬᠤᠪᠢᠶᠠᠷᠢᠯᠠᠯ᠎ᠢᠶᠡᠨ ᠨᠠᠷᠢᠯᠢᠬᠵᠢᠭᠤᠯᠤᠨ ᠬᠠᠷᠢᠭᠤᠴᠠᠯᠭ᠎ᠠ᠎ᠶᠢ ᠲᠣᠳᠣᠷᠬᠠᠶᠢᠯᠠᠭᠰᠠᠨ ᠪᠥᠭᠡᠳ ᠲᠣᠰ ᠲᠣᠰ᠎ᠤᠨ ᠠᠵᠢᠯ᠎ᠤᠨ ᠪᠠᠶᠢᠷᠢ᠎ᠳᠠᠭᠠᠨ ᠨᠠᠮ᠎ᠤᠨ ᠰᠦᠯᠳᠡ ᠂ ᠤᠯᠠᠭᠠᠨ ᠬᠠᠨᠴᠤᠶ᠎ᠶᠢᠨ ᠲᠡᠮᠳᠡᠭ ᠵᠡᠭᠦᠵᠦ ᠂ ᠪᠡᠶ᠎ᠡ᠎ᠶᠢᠨ ᠭᠠᠷᠤᠯ᠎ᠢᠶᠡᠨ ᠢᠯᠡᠷᠡᠭᠦᠯᠵᠦ ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠠᠵᠢᠯ᠎ᠳ᠋ᠤ ᠢᠳᠡᠪᠬᠢᠲᠡᠶ ᠣᠷᠣᠯᠴᠠᠬᠤ ᠬᠡᠷᠡᠭᠲᠡᠶ ᠭᠡᠵᠦ ᠱᠠᠭᠠᠷᠳᠠᠵᠠᠶ ᠃
ᠲᠡᠬᠥᠨ᠎ᠤ ᠳᠠᠭᠠᠭᠤᠯᠭ᠎ᠠ ᠳᠣᠤᠷ᠎ᠠ ᠂ ᠴᠢᠩ ᠴᠢᠤᠸᠠᠨ ᠵᠡᠭᠡᠯᠢ᠎ᠶᠢᠨ ᠨᠡᠶᠢᠭᠡᠮ ᠲᠣᠭᠣᠷᠢᠭ᠎ᠤᠨ ᠠᠵᠢᠯᠲᠠᠨ ᠨᠤᠲᠤᠭ᠎ᠲᠠᠭᠠᠨ ᠪᠤᠴᠠᠭᠰᠠᠨ ᠬᠥᠮᠦᠰ᠎ᠢ ᠳᠡᠩᠰᠡᠯᠡᠨ ᠲᠡᠮᠳᠡᠭᠯᠡᠵᠦ ᠬᠠᠮᠤᠭ᠎ᠤᠨ ᠰᠢᠨ᠎ᠡ ᠬᠢᠵᠢᠭ᠎ᠤᠨ ᠪᠠᠶᠢᠳᠠᠯ᠎ᠢ ᠴᠠᠭ ᠲᠤᠬᠠᠶ᠎ᠳ᠋ᠤᠨᠢ ᠨᠡᠶᠢᠲᠡᠯᠡᠵᠦ ᠂ ᠰᠦᠯᠵᠢᠶᠡᠨ᠎ᠤ ᠳᠠᠷᠤᠭ᠎ᠠ ᠂ ᠠᠰᠠᠷ᠎ᠤᠨ ᠳᠠᠷᠤᠭ᠎ᠠ ᠂ ᠨᠢᠭᠡᠴᠢ᠎ᠶᠢᠨ ᠳᠠᠷᠤᠭ᠎ᠠ ᠂ ᠡᠭᠦᠳᠡᠨ ᠳᠠᠷᠤᠭ᠎ᠠ᠎ᠶᠢ ᠵᠤᠬᠢᠶᠠᠨ ᠪᠠᠢᠭᠤᠯᠤᠨ ᠰᠦᠯᠵᠢᠶ᠎ᠡ ᠂ ᠭᠠᠷ ᠤᠳᠠᠰᠤ ᠂ ᠵᠢᠷᠬᠢᠶ᠎ᠠ ᠂ LED ᠳᠡᠯᠭᠡᠴᠡ ᠵᠡᠷᠭᠡ ᠠᠷᠭ᠎ᠠ ᠮᠠᠢᠭ᠎ᠢᠶᠠᠷ ᠳᠠᠮᠵᠢᠭᠤᠯᠤᠨ ᠭᠠᠳᠠᠨ᠎ᠠ᠎ᠡᠴᠠ ᠢᠷᠡᠬᠥ ᠂ ᠳᠣᠲᠣᠭᠠᠳᠤ᠎ᠳᠠᠭᠠᠨ ᠰᠡᠷᠭᠡᠶᠢᠯᠡᠨ ᠡᠵᠡᠮᠳᠡᠬᠥ᠎ᠶᠢ ᠦᠨᠡᠨ ᠬᠦ ᠪᠡᠶᠡᠯᠡᠭᠦᠯᠪᠠ ᠃
ᠰᠧ ᠯᠢ ᠄ ︵ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠤᠨ ᠵᠠᠮ᠎ᠤᠨ ᠶᠠᠪᠤᠳᠠᠯ᠎ᠤᠨ ᠶᠡᠷᠦᠩᠬᠡᠶ ᠠᠩᠭᠢ᠎ᠶᠢᠨ ᠰᠢᠭᠤᠳ ᠬᠠᠷᠢᠶ᠎ᠠ ᠰᠠᠯᠪᠤᠷᠢ ᠠᠩᠭᠢ᠎ᠶᠢᠨ ᠳᠠᠷᠤᠭ᠎ᠠ ︶ ᠲᠠᠨᠠᠷ ᠰᠠᠶᠢᠨ ᠪᠠᠢᠵᠠᠭᠠᠨ᠎ᠠ ‍ᠤᠤ ︖ ᠡᠨᠡ ᠨᠢᠭᠡ ᠰᠠᠷ᠎ᠠ ᠭᠠᠷᠤᠢ᠎ᠶᠢᠨ ᠲᠤᠷᠰᠢ ᠂ ᠮᠠᠨ᠎ᠤ ᠰᠢᠭᠤᠳ ᠬᠠᠷᠢᠶ᠎ᠠ ᠰᠠᠯᠪᠤᠷᠢ ᠠᠩᠭᠢ ᠨᠡᠶᠢᠲᠡ 400 ᠭᠠᠷᠤᠶ ᠵᠠᠮ᠎ᠤᠨ ᠶᠠᠪᠤᠳᠠᠯ᠎ᠤᠨ ᠭᠡᠰᠢᠭᠦᠨ᠎ᠡᠴᠠ ᠲᠥᠷᠭᠡᠨ ᠬᠤᠷᠳᠤᠴᠠᠳᠤ ᠵᠠᠰᠠᠮᠠᠯ ᠵᠠᠮ᠎ᠤᠨ ᠰᠦᠶᠳᠬᠡᠯ ᠬᠤᠷᠢᠶᠠᠬᠤ ᠥᠷᠲᠡᠭᠡ᠎ᠳ᠋ᠤ 24 ᠴᠠᠭ ᠠᠵᠢᠯᠯᠠᠨ ᠵᠢᠵᠢᠬᠥᠷᠯᠡᠨ ᠰᠠᠬᠢᠵᠠᠢ ᠃ ︽ ᠬᠢᠵᠢᠭ᠎ᠤᠨ ᠪᠠᠶᠢᠳᠠᠯ ᠪᠣᠯ ᠳᠠᠷᠤᠶ ᠵᠠᠷᠯᠢᠭ ᠮᠥᠨ ᠂ ᠵᠠᠮ ᠬᠠᠷᠢᠯᠴᠠᠭ᠎ᠠ᠎ᠶᠢ ᠵᠠᠪᠠᠯ ᠤᠷᠢᠳ᠎ᠢᠶᠠᠷ ᠴᠢᠡᠭᠭ᠎ᠠ ᠠᠳᠬᠤᠬᠤ ᠬᠡᠷᠡᠭᠲᠡᠢ ︾ ᠬᠡᠬᠥ ᠠᠮᠠᠯᠠᠯᠳᠠ᠎ᠪᠠᠷ ᠡᠬᠥᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠬᠥᠢᠴᠡᠳᠭᠡᠵᠥ ᠂ ᠡᠨᠡ ᠤᠳᠠᠭᠠᠨ᠎ᠤ ᠳᠠᠷᠢ᠎ᠶᠢᠨ ᠤᠳᠤᠭ᠎ᠠ ᠦᠭᠡᠢ ᠲᠠᠢᠨ᠎ᠤ ᠲᠠᠯᠠᠪᠤᠷ᠎ᠲᠤ ᠡᠳᠦᠷᠵᠢᠨ ᠰᠥᠨᠢᠵᠢᠨ ᠡᠷᠡᠯᠬᠡᠭᠯᠡᠨ ᠪᠠᠶᠢᠯᠳᠤᠵᠤ ᠂ ᠬᠥᠮᠦᠨ ᠨᠢᠭᠡᠪᠦᠷᠢ ᠡᠳᠦᠷ ᠳᠤᠮᠳᠠᠴᠢ᠎ᠪᠠᠷ 12 ᠴᠠᠭ᠎ᠡᠴᠠ ᠳᠡᠭᠡᠭᠰᠢ ᠠᠵᠢᠯᠯᠠᠬᠰᠠᠨ ᠪᠠᠢᠨ᠎ᠠ ᠃ ᠂ ᠪᠢ ᠡᠯ᠎ᠠ ᠠᠵᠢᠯ᠎ᠤᠨ ᠹᠷᠥᠨᠲ᠎ᠲᠤ ᠭᠠᠪᠰᠢᠭᠠᠢᠯᠠᠵᠥ ᠶᠠᠪᠤᠭ᠎ᠠ ᠬᠥᠮᠥᠰ᠎ᠲᠡᠭᠡᠨ ᠲᠠᠯᠠᠷᠬᠠᠬᠤ᠎ᠶᠢᠨ ᠬᠠᠮᠳᠤ ᠣᠮᠣᠭᠰᠢᠵᠤ ᠪᠠᠶᠢᠨ᠎ᠠ ᠃
ᠸᠠᠩ ᠶᠢᠩ ᠯᠢ ᠄ ︵ ᠥᠪᠥᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠥᠷᠪᠡᠳᠦᠭᠡᠷ ᠡᠮᠨᠡᠯᠭᠡ᠎ᠶᠢᠨ ᠬᠣᠷᠢᠶᠠᠨ᠎ᠤ ᠭᠤᠷᠪᠠᠳᠤᠭᠠᠷ ᠰᠠᠯᠠᠭ᠎ᠠ᠎ᠶᠢᠨ ᠰᠤᠪᠢᠯᠠᠭᠴᠢ᠎ᠶᠢᠨ ᠳᠠᠷᠤᠭ᠎ᠠ ︶ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶᠢᠳᠠᠯ ᠡᠬᠥᠰᠥᠭᠰᠡᠨ᠎ᠤ ᠳᠠᠷᠠᠭ᠎ᠠ ᠂ ᠸᠠᠩ ᠶᠢᠩ ᠯᠢ ᠬᠠᠮᠤᠬ ᠠᠩᠬᠠᠨ᠎ᠤ ᠪᠦᠯᠬᠦᠮ᠎ᠢᠶᠡᠨ ᠳᠠᠭᠠᠭᠤᠯᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠲᠤᠰᠠᠭᠠᠷᠯᠠᠬᠤ ᠡᠪᠡᠳᠴᠢᠲᠡᠨ᠎ᠤ ᠥᠷᠥᠭᠡᠨ᠎ᠳ᠋ᠤ ᠣᠷᠣᠵᠤ ᠂ ᠥᠪᠥᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠥᠷᠪᠡᠳᠦᠭᠡᠷ ᠡᠮᠨᠡᠯᠭᠡ᠎ᠶᠢᠨ ᠬᠣᠷᠢᠶᠠᠨ᠎ᠤ ᠨᠢᠭᠡᠳᠦᠭᠡᠷ ᠪᠠᠴᠢᠮ ᠪᠠᠶᠢᠳᠠᠯ᠎ᠢ ᠠᠷᠭᠠᠴᠠᠭᠠᠬᠤ ᠱᠠᠲᠤᠯᠵᠢᠨ ᠡᠩᠨᠡᠭᠡ᠎ᠶᠢᠨ ᠰᠤᠪᠢᠯᠠᠭᠴᠢ᠎ᠶᠢᠨ ᠳᠠᠷᠤᠭ᠎ᠠ᠎ᠶᠢᠨ ᠲᠤᠰᠢᠶᠠᠯ᠎ᠢ ᠡᠭᠦᠷᠭᠡᠯᠡᠵᠦ ᠂ ᠬᠥᠬᠡᠬᠣᠲᠠ᠎ᠶᠢᠨ ᠠᠩᠬᠠᠳᠠᠭᠴᠢ ᠪᠦᠯᠦᠭ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠣᠨᠣᠰᠢᠯᠠᠭᠰᠠᠨ ᠡᠪᠡᠳᠴᠢᠨ᠎ᠤ ᠵᠢᠱᠢᠶ᠎ᠡ᠎ᠶᠢ ᠭᠥᠯᠢᠶᠡᠨ ᠠᠪᠤᠭᠰᠠᠨ ᠪᠥᠭᠡᠳ ᠤᠤᠯ᠎ᠤᠨ᠎ᠢᠶᠡᠨ ᠠᠳᠠᠯᠢ᠎ᠪᠠᠷ ︽ ᠬᠤᠪᠢ ᠨᠡᠮᠡᠷᠢ᠎ᠪᠠᠨ ᠬᠠᠷᠠᠮ ᠦᠬᠡᠢ ᠦᠵᠡᠭᠦᠯᠬᠦ ︾ ᠵᠣᠷᠢᠭ ᠰᠠᠨᠠᠭ᠎ᠠ᠎ᠶᠢ ᠡᠪᠦᠷᠯᠡᠨ ᠂ ᠪᠦᠯᠬᠦᠮ᠎ᠢᠶᠡᠨ ᠳᠠᠭᠠᠭᠤᠯᠤᠨ ᠡᠪᠡᠳᠴᠢᠲᠡᠨ᠎ᠳ᠋ᠤ ᠬᠠᠮᠤᠭ᠎ᠤᠨ ᠲᠤᠰᠬᠠᠶ ᠮᠡᠷᠭᠡᠵᠢᠯ ᠂ ᠬᠠᠮᠤᠭ᠎ᠤᠨ ᠳᠤᠯᠠᠭᠠᠨ ᠂ ᠬᠠᠮᠤᠭ᠎ᠤᠨ ᠳᠣᠲᠣᠨᠣ ᠰᠤᠪᠢᠯᠠᠯᠲᠠ ᠬᠠᠩᠭᠠᠪᠠ ᠃ ᠠᠵᠢᠯ᠎ᠤᠨ ᠴᠠᠭ᠎ᠨᠢ ᠤᠷᠳᠤ ᠂ ᠡᠭᠦᠷᠭᠡ ᠬᠦᠨᠳᠦ ᠂ ᠳᠠᠷᠤᠯᠲᠠ ᠶᠡᠬᠡ ᠂ ᠬᠦᠷᠢᠶ᠎ᠡ ᠬᠡᠪᠴᠢᠶ᠎ᠡ᠎ᠪᠠᠷ ᠥᠷᠭᠡᠨ ᠤᠯᠠᠨ ᠠᠪᠢᠨ ᠬᠦᠴᠢᠷ ᠪᠡᠷᠬᠡᠰᠢᠶᠡᠯ᠎ᠳ᠋ᠤ ᠲᠤᠯᠭᠠᠷᠠᠬᠤ ᠪᠤᠯᠭᠠᠨ ᠂ ᠲᠡᠷᠡ ᠢᠮᠠᠭᠲᠠ ᠪᠡᠶ᠎ᠡ᠎ᠪᠠᠷ᠎ᠢᠶᠡᠨ ᠬᠡᠪ ᠳᠠᠭᠤᠷᠢᠶᠠᠯ ᠪᠣᠯᠬᠤ᠎ᠶᠢ ᠪᠠᠷᠢᠮᠲᠠᠯᠠᠵᠤ ᠂ ᠥᠪᠡᠷ᠎ᠢᠶᠡᠨ ᠵᠠᠪᠠᠯ ᠲᠠᠭᠤᠷᠢᠶᠠᠯ ᠪᠤᠯᠵᠥ ᠰᠠᠶᠢᠲᠤᠷ ᠬᠢᠬᠦ ᠬᠡᠷᠡᠭᠲᠡᠢ ᠪᠥᠭᠡᠳ ᠬᠦᠴᠢᠷ ᠪᠡᠷᠬᠡᠰᠢᠶᠡᠯ᠎ᠡᠴᠠ ᠠᠶᠤᠬᠤ ᠦᠭᠡᠢ ᠂ ᠦᠷᠡᠭᠳᠡᠯ ᠰᠦᠶᠳᠦᠯ᠎ᠡᠴᠠ ᠠᠶᠤᠬᠤ ᠦᠭᠡᠢ ᠂ ᠦᠭᠡ ᠳᠠᠭᠤᠨ ᠦᠭᠡᠢ ᠂ ᠵᠣᠪᠠᠭᠤᠷᠢ ᠵᠦᠳᠡᠭᠦᠷᠢ᠎ᠶᠢ ᠬᠠᠶᠢᠬᠤᠷᠤᠯ ᠦᠭᠡᠢ ᠲᠦᠷᠦᠭᠦᠦ ᠭᠠᠯᠠᠭᠤ᠎ᠶᠢᠨ ᠬᠡᠪ ᠲᠥᠷᠢ᠎ᠶᠢ ᠱᠤᠭᠤᠵᠥ ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠢ ᠠᠪᠤᠷᠠᠨ ᠵᠠᠰᠠᠬᠤ ᠡᠭᠦᠷᠭᠡ᠎ᠶᠢ ᠪᠡᠶᠡᠯᠡᠭᠦᠯᠦᠭᠰᠡᠨ᠎ᠤ ᠬᠠᠮᠲᠤ ᠂ ᠬᠦᠨᠳᠦ ᠡᠪᠡᠳᠴᠢᠨ᠎ᠤ ᠵᠢᠱᠢᠶ᠎ᠡ ᠦᠭᠡᠢ ᠂ ︽ ᠥᠴᠦᠬᠡᠨ ᠴᠦ ᠬᠠᠯᠳᠠᠪᠤᠷᠢᠯᠠᠯ ᠦᠭᠡᠢ ︾ ᠠᠮᠵᠢᠯᠲᠠ ᠪᠦᠲᠦᠮᠵᠢ᠎ᠶᠢ ᠡᠭᠦᠳᠴᠤ ᠂ ᠬᠣᠶᠠᠳᠤᠭᠠᠷ ᠪᠦᠯᠦᠭ᠎ᠤᠨ ᠪᠠᠴᠢᠮ ᠪᠠᠶᠢᠳᠠᠯ᠎ᠢ ᠠᠷᠭᠠᠴᠠᠭᠠᠬᠤ ᠡᠩᠨᠡᠭᠡ᠎ᠶᠢ ᠠᠪᠤᠷᠠᠨ ᠵᠠᠰᠠᠬᠤ᠎ᠳ᠋ᠤ ᠪᠠᠲᠤ ᠪᠡᠬᠢ ᠰᠠᠭᠤᠷᠢ᠎ᠶᠢ ᠲᠠᠯᠪᠢᠵᠤ ᠥᠭᠴᠡᠶ ᠃
ᠴᠧᠨ ᠭᠦᠸᠧ ᠪᠢᠨ ᠄ ︵ ᠬᠥᠬᠡᠬᠣᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶᠠᠨ᠎ᠤ ᠢᠦᠢᠢᠴᠢᠤᠸᠠᠨ ᠲᠣᠭᠣᠷᠢᠭ᠎ᠤᠨ ᠬᠤᠪᠢᠶᠠᠷᠢ ᠲᠣᠪᠴᠢᠶᠠᠨ᠎ᠤ ᠵᠤᠤ ᠵᠢᠶᠦ᠋ᠨ ᠵᠠᠮ᠎ᠤᠨ ᠲᠣᠮᠢᠯᠠᠭᠰᠠᠨ ᠰᠠᠯᠪᠤᠷᠢ᠎ᠶᠢᠨ ᠳᠠᠷᠤᠭ᠎ᠠ ︶ ᠪᠢ ᠪᠣᠯ ᠨᠢᠭᠡᠨ ᠦᠨᠳᠦᠰᠦᠨ ᠱᠠᠲᠤᠨ᠎ᠤ ᠲᠣᠮᠢᠯᠠᠭᠰᠠᠨ ᠰᠠᠯᠪᠤᠷᠢ᠎ᠶᠢᠨ ᠳᠠᠷᠤᠭ᠎ᠠ ᠂ ᠡᠨᠡ ᠤᠳᠠᠭᠠᠨ᠎ᠤ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠥ ᠲᠠᠢᠯᠠᠯᠳᠤᠭᠠᠨ ᠳᠤᠮᠳᠠ ᠂ ᠪᠢ ᠰᠠᠯᠪᠤᠷᠢ᠎ᠶᠢᠨ ᠪᠦᠬᠦ ᠴᠠᠭᠳᠠᠭ᠎ᠠ᠎ᠪᠠᠨ ᠲᠠᠢᠴᠢᠯᠠᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠡᠮᠦᠨ᠎ᠠ ᠹᠷᠣᠨᠲ᠎ᠲᠤ ᠰᠢᠭᠤᠷᠬᠠᠢᠯᠠᠪᠠ ᠃ ᠨᠡᠶᠢᠭᠡᠮ ᠲᠣᠭᠣᠷᠢᠭ᠎ᠤᠨ ᠰᠡᠷᠭᠡᠶᠢᠯᠡᠨ ᠡᠵᠡᠮᠳᠡᠬᠦ ᠬᠤᠭᠤᠴᠠᠭᠠᠨ᠎ᠳ᠋ᠤ ᠮᠢᠨᠦ ᠬᠠᠮᠤᠭ᠎ᠤᠨ ᠭᠦᠨ ᠲᠥᠷᠥᠭᠳᠡᠯ ᠪᠤᠯ ᠳᠠᠷᠤᠶ ᠮᠠᠨ᠎ᠤ ᠠᠷᠠᠳ᠎ᠤᠨ ᠴᠠᠭᠳᠠᠭ᠎ᠠ ᠵᠠᠩᠭᠢᠯᠠᠭ᠎ᠠ᠎ᠶᠢᠨ ᠴᠠᠭ ᠮᠥᠴᠡ᠎ᠳ᠋ᠤ ᠴᠡᠭᠡᠵᠢ ᠲᠦᠷᠢᠨ ᠭᠠᠷᠴᠤ ᠂ ᠡᠭᠦᠷᠭᠡ ᠬᠠᠷᠢᠭᠤᠴᠠᠯᠭ᠎ᠠ᠎ᠪᠠᠨ ᠴᠠᠭ ᠢᠮᠠᠭᠲᠠ ᠪᠠᠲᠤ ᠴᠡᠭᠡᠵᠢᠯᠡᠵᠦ ᠂ ᠥᠴᠦᠬᠡᠨ ᠴᠦ ᠭᠣᠮᠣᠳᠠᠯ ᠪᠠ ᠤᠬᠤᠷᠢᠵᠤ ᠬᠤᠢᠰᠢᠯᠠᠬᠤ ᠦᠬᠡᠢ ᠪᠠᠶᠢᠬᠤ ᠶᠠᠪᠤᠳᠠᠯ᠎ᠤᠳ ᠪᠤᠯᠤᠨ᠎ᠠ ᠃ 2 ᠰᠠᠷ᠎ᠠ᠎ᠶᠢᠨ 1᠎ᠤ ᠰᠦᠨᠢ᠎ᠶᠢᠨ 10 ᠴᠠᠭ᠎ᠲᠤ ᠳᠡᠭᠡᠳᠦ ᠱᠠᠲᠤᠨ᠎ᠤ ᠨᠠᠮ᠎ᠤᠨ ᠬᠣᠷᠢᠶᠠᠨ᠎ᠤ ᠪᠠᠴᠢᠮ ᠮᠡᠳᠡᠭᠳᠡᠯ᠎ᠢ ᠲᠤᠰᠴᠤ ᠂ ᠬᠠᠷᠢᠶ᠎ᠠ ᠣᠷᠣᠨ᠎ᠤ ᠴᠢᠦ ᠱᠢ ᠵᠢᠩ ᠸᠠᠨ ᠾᠤᠶᠢ ᠪᠠᠭ᠎ᠠ ᠲᠣᠭᠣᠷᠢᠭ᠎ᠤᠨ 18 ᠳ᠋ᠤᠭᠠᠷ ᠠᠰᠠᠷ᠎ᠲᠤ ᠣᠨᠣᠰᠢᠯᠠᠨ ᠲᠣᠳᠣᠯᠠᠬᠤ ᠴᠢᠬᠤᠯᠠᠲᠠᠶ ᠡᠪᠡᠳᠴᠢᠲᠡᠨ᠎ᠤ ᠵᠢᠱᠢᠶ᠎ᠠ ᠢᠯᠡᠷᠡᠵᠥ ᠂ ᠲᠣᠭᠣᠷᠢᠭ᠎ᠢ ᠪᠢᠲᠡᠭᠦᠮᠵᠢᠯᠡᠬᠦ ᠴᠢᠬᠤᠯᠠᠲᠠᠶ ᠪᠤᠯᠪᠠ ᠃ ᠡᠬᠥᠨ᠎ᠳ᠋ᠤ ᠂ ᠪᠢ ᠪᠦᠬᠦ ᠲᠣᠭᠣᠷᠢᠭ᠎ᠤᠨ ᠴᠠᠭᠳᠠᠭ᠎ᠠ᠎ᠪᠠᠨ ᠳᠠᠭᠠᠭᠤᠯᠤᠨ ᠲᠤᠬᠠᠶ᠎ᠶᠢᠨ ᠲᠠᠯᠠᠪᠠᠶ᠎ᠳ᠋ᠤ ᠬᠦᠷᠴᠦ ᠬᠣᠷᠢᠶᠠᠯᠠᠯ᠎ᠢ ᠪᠢᠲᠡᠭᠦᠮᠵᠢᠯᠡᠨ ᠡᠵᠡᠮᠳᠡᠬᠥ᠎ᠶᠢᠨ ᠬᠠᠮᠲᠤ ᠣᠨᠣᠰᠢᠯᠠᠭᠰᠠᠨ ᠡᠪᠡᠳᠴᠢᠲᠡᠨ᠎ᠲᠠᠢ ᠨᠢᠬᠳᠠ ᠣᠶᠢᠷᠠᠲᠤᠬᠰᠠᠨ ᠬᠥᠮᠦᠰ᠎ᠢ ᠪᠠᠶᠢᠴᠠᠭᠠᠨ ᠵᠢᠭᠰᠠᠭᠠᠵᠤ ᠡᠬᠢᠯᠡᠪᠡ ᠃ ᠰᠠᠶᠢ ᠡᠬᠢᠯᠡᠵᠦ ᠪᠢᠲᠡᠨ᠎ᠤ ᠪᠢᠲᠡᠭᠦᠮᠵᠢᠯᠡᠨ ᠡᠵᠡᠮᠳᠡᠬᠦ ᠲᠣᠭᠣᠷᠢᠭ ᠪᠠᠶᠢᠭᠤᠯᠬᠤ ᠦᠶ᠎ᠡ᠎ᠳ᠋ᠤ ᠂ ᠣᠯᠠᠩᠬᠢ ᠤᠯᠠᠨ ᠲᠦᠮᠡᠨ ᠴᠥᠮ ᠣᠶᠢᠯᠠᠭᠠᠬᠤ ᠦᠭᠡᠢ ᠂ ᠡᠨᠡ ᠬᠥ ᠪᠠᠢᠳᠠᠯ᠎ᠳ᠋ᠤ ᠮᠠᠨ᠎ᠤ ᠠᠷᠠᠳ᠎ᠤᠨ ᠴᠠᠭᠳᠠᠭ᠎ᠠ ᠤᠯᠠᠨ ᠲᠦᠮᠡᠨ᠎ᠳ᠋ᠤ ᠨᠢᠬᠡᠳ ᠨᠢᠬᠡ᠎ᠪᠠᠷ ᠬᠠᠯᠠᠰᠢᠷᠠᠯ ᠦᠭᠡᠢ ᠲᠠᠶᠢᠯᠪᠤᠷᠢᠯᠠᠵᠤ ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠥ ᠬᠣᠯᠪᠣᠭᠳᠠᠯ ᠪᠦᠬᠦᠢ ᠲᠠᠯ᠎ᠠ᠎ᠶᠢᠨ ᠮᠡᠳᠡᠯᠭᠡ᠎ᠶᠢ ᠤᠬᠠᠭᠤᠯᠪᠠ ᠃ ᠴᠥᠬᠥᠷᠡᠰᠢ ᠦᠭᠡᠢ ᠴᠢᠷᠮᠠᠶᠢᠯᠭ᠎ᠠ᠎ᠪᠠᠷ ᠳᠠᠮᠵᠢᠨ ᠂ ᠰᠠᠭᠤᠭᠠᠯᠢ ᠠᠷᠠᠳ ᠪᠢᠳᠡᠨ᠎ᠤ ᠠᠵᠢᠯ᠎ᠢ ᠠᠭᠠᠵᠢᠮ᠎ᠢᠶᠠᠷ ᠣᠶᠢᠯᠠᠭᠠᠨ ᠲᠠᠮᠵᠢᠪᠠ ᠃ ᠬᠤᠵᠢᠮ᠎ᠨᠢ ᠲᠠᠳᠠ ᠪᠠᠰᠠ ᠮᠠᠨ᠎ᠤ ᠠᠵᠢᠯ᠎ᠳ᠋ᠤ ᠲᠠᠯᠠᠷᠬᠠᠬᠤ᠎ᠶᠢᠨ ᠲᠥᠯᠥᠭᠡ ᠲᠤᠯᠠᠭᠠᠯᠠᠬᠤ ᠡᠳ᠋ ᠪᠠ ᠬᠠᠯᠠᠭᠤᠨ ᠪᠠᠩᠰᠢ ᠬᠦᠷᠭᠡᠵᠦ ᠢᠷᠡᠭᠰᠡᠨ ᠪᠥᠭᠡᠳ ᠮᠠᠨ᠎ᠤ ᠡᠨᠡ ᠬᠦ ᠰᠥᠷᠴᠤ ᠤᠷᠤᠬᠰᠢᠯᠠᠭᠴᠢᠳ᠎ᠢ ᠮᠠᠭᠲᠠᠨ ᠰᠠᠶᠢᠰᠢᠶᠠᠭᠰᠠᠨ ᠪᠠᠶᠢᠨ᠎ᠠ ᠃
ᠯᠢᠶᠠᠩ ᠶᠠᠨ ᠷᠦᠩ ᠄ ︵ ᠪᠤᠭᠤᠲᠤ᠎ᠶᠢᠨ ᠡᠮᠨᠡᠯᠭᠡ᠎ᠶᠢᠨ ᠳᠡᠭᠡᠳᠤ ᠰᠤᠷᠭᠠᠭᠤᠯᠢ᠎ᠶᠢᠨ ᠤᠶᠤᠳᠠᠨ ᠂ ᠬᠥᠬᠡᠬᠤᠳᠠ᠎ᠶᠢᠨ ᠬᠣᠲᠣᠩ ᠠᠷᠠᠳ᠎ᠤᠨ ᠲᠣᠭᠣᠷᠢᠭ᠎ᠤᠨ ᠰᠠᠢᠨ ᠲᠤᠷᠠᠴᠤᠤᠯ ︶ ᠪᠢ ᠪᠣᠯ ᠪᠠᠭ᠎ᠠ ᠲᠣᠭᠣᠷᠢᠭ᠎ᠤᠨ ᠰᠡᠷᠭᠡᠶᠢᠯᠡᠨ ᠡᠵᠡᠮᠳᠡᠬᠦ ᠰᠢᠯᠭᠠᠨ ᠪᠠᠶᠢᠴᠠᠭᠠᠭᠴᠢ ︔ ᠪᠢ ᠪᠣᠯ ᠲᠤᠰᠠᠭᠠᠷᠯᠠᠬᠤ ᠠᠵᠢᠯᠲᠠᠨ᠎ᠤ ᠦᠶᠯᠡᠴᠢᠯᠡᠭᠴᠢ ᠃ ︽ ᠨᠢᠬᠦᠯᠳᠦ ᠬᠢᠵᠢᠭ ᠬᠠᠶᠢᠷ᠎ᠠ ᠰᠡᠳᠬᠢᠯᠭᠡ ᠥᠬᠡᠶ ᠂ ᠨᠠᠷᠠᠳᠤ ᠶᠢᠷᠲᠢᠨᠴᠦ᠎ᠳ᠋ᠤ ᠬᠠᠶᠢᠷ᠎ᠠ ᠰᠡᠳᠬᠢᠯᠭᠡ ᠪᠢᠯᠬᠠᠮ᠎ᠠ ︾ ᠬᠡᠳᠡᠭ᠎ᠢᠶᠠᠷ ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶᠢᠳᠠᠯ᠎ᠨᠢ ᠠᠷᠠᠳ ᠣᠯᠠᠨ᠎ᠤ ᠠᠮᠢ ᠨᠠᠰᠤᠨ᠎ᠤ ᠠᠮᠤᠷ ᠲᠦᠪᠰᠢᠨ᠎ᠳ᠋ᠤ ᠠᠶᠤᠯ ᠲᠦᠭᠰᠢᠭᠦᠷᠢ ᠤᠴᠠᠷᠠᠭᠤᠯᠵᠤ ᠂ ᠤᠯᠤᠰ ᠳᠠᠶᠠᠭᠠᠷ ᠬᠢᠵᠢᠭ᠎ᠤᠨ ᠬᠦᠨᠳᠦ ᠬᠡᠴᠡᠭᠦᠤ ᠰᠢᠯᠭᠠᠯᠲᠠ᠎ᠳ᠋ᠤ ᠲᠤᠯᠭᠠᠷᠠᠵᠤ ᠂ ᠮᠠᠨ᠎ᠤ ᠬᠥᠮᠦᠨ ᠨᠢᠭᠡᠪᠦᠷᠢ᠎ᠶᠢᠨ ᠰᠡᠳᠬᠢᠯ᠎ᠢ ᠬᠥᠨᠳᠠᠪᠠ ᠃ ᠵᠠᠯᠠᠭᠤ ᠰᠠᠶᠢᠨ ᠳᠤᠷ᠎ᠠ᠎ᠶᠢᠨ ᠠᠵᠢᠯᠯᠠᠭᠴᠢ ᠪᠣᠯᠤᠭᠰᠠᠨ᠎ᠤ ᠬᠤᠪᠢ᠎ᠳ᠋ᠤ ᠪᠢ ᠸᠢᠷᠦ᠋ᠰ᠎ᠢ ᠡᠰᠡᠷᠭᠦᠴᠡᠨ ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠬᠣᠷᠢᠬᠯᠠᠨ ᠴᠣᠬᠢᠬᠤ ᠲᠠᠢᠯᠠᠯᠳᠤᠭᠠᠨ᠎ᠳ᠋ᠤ ᠢᠯᠠᠯᠲᠠ ᠣᠯᠬᠤ᠎ᠪᠠᠷ ᠴᠢᠷᠮᠠᠢᠵᠤ ᠢᠷᠡᠪᠡ ᠃ ᠬᠥᠬᠡᠬᠤᠳᠠ᠎ᠶᠢᠨ ᠬᠣᠲᠣᠩ ᠠᠷᠠᠳ᠎ᠤᠨ ᠲᠣᠭᠣᠷᠢᠭ᠎ᠤᠨ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠬᠤᠷᠢᠶ᠎ᠠ᠎ᠶᠢᠨ ᠤᠷᠢᠶᠠᠯᠠᠭ᠎ᠠ᠎ᠪᠠᠷ ᠂ ᠪᠢ ᠤᠭ ᠰᠠᠨᠠᠭ᠎ᠠ᠎ᠪᠠᠨ ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ ᠂ ᠵᠠᠩᠭᠢᠯᠠᠭ᠎ᠠ᠎ᠶᠢᠨ ᠴᠠᠭ ᠮᠥᠴᠡ᠎ᠳ᠋ᠤ ᠴᠡᠭᠡᠵᠢ ᠲᠦᠷᠢᠨ ᠰᠠᠨᠠᠭᠠᠴᠢᠯᠠᠭ᠎ᠠ ᠠᠴᠠ᠎ᠪᠠᠨ ᠬᠣᠲᠣᠩ ᠠᠷᠠᠳ᠎ᠤᠨ ᠲᠣᠭᠣᠷᠢᠭ᠎ᠤᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠰᠠᠶᠢᠨ ᠳᠤᠷ᠎ᠠ᠎ᠶᠢᠨ ᠦᠶᠯᠡᠴᠢᠯᠡᠭᠡᠨ᠎ᠤ ᠭᠠᠪᠰᠢᠭᠠᠶ ᠠᠩᠭᠢ᠎ᠳ᠋ᠤ ᠣᠷᠣᠯᠴᠠᠵᠤ ᠂ ᠦᠭᠡ ᠳᠠᠭᠤᠨ ᠦᠭᠡᠢ᠎ᠪᠠᠷ ᠡᠮᠦᠨ᠎ᠡ ᠹᠷᠣᠨᠲ᠎ᠲᠤ ᠡᠷᠡᠯᠬᠡᠭᠯᠡᠨ ᠪᠠᠶᠢᠯᠳᠤᠵᠤ ᠂ ᠡᠨᠡ ᠤᠳᠠᠭᠠᠨ᠎ᠤ ᠳᠠᠷᠢ᠎ᠶᠢᠨ ᠤᠲᠤᠭ᠎ᠠ ᠦᠭᠡᠢ ᠲᠠᠢᠨ᠎ᠤ ᠳᠤᠮᠳᠠ ᠪᠣᠳᠠᠲᠤ ᠠᠵᠢᠯᠯᠠᠭ᠎ᠠ᠎ᠪᠠᠷ᠎ᠢᠶᠡᠨ ᠬᠢᠵᠢᠭ᠎ᠤᠨ ᠪᠠᠶᠢᠳᠠᠯ᠎ᠢ ᠡᠰᠡᠷᠭᠦᠴᠡᠬᠦ᠎ᠳ᠋ᠤ ᠥᠪᠡᠷ᠎ᠤᠨ ᠬᠦᠴᠦᠨ ᠴᠢᠳᠠᠯ᠎ᠢᠶᠡᠨ ᠵᠣᠷᠢᠭᠤᠯᠤᠬᠰᠠᠨ᠎ᠳᠠᠭᠠᠨ ᠤᠮᠤᠬᠰᠢᠵᠤ ᠪᠠᠢᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面