ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠨᠠᠮ᠎ᠤ᠋ᠨ ᠲᠤᠭ

2020-03-18 14:13:51

ᠵᠣᠬᠢᠶᠠᠭ᠍ᠴᠢ᠄ ᠪᠢᠯᠢᠭᠪᠠᠭᠠᠲᠣᠷ ᠣᠩᠱᠢᠭ᠍ᠰᠠᠨ ᠣᠳᠠᠭ᠎ᠠ᠄ 3

ᠰᠢᠨ᠎ᠡ ᠲᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠪᠠᠶᠢᠳᠠᠯ ᠡᠭᠦᠰᠦᠭᠰᠡᠨ᠎ᠤ ᠳᠠᠷᠠᠭ᠎ᠠ ᠂ ᠰᠢᠯᠢ᠎ᠶᠢᠨ ᠭᠤᠤᠯ ᠠᠶᠢᠮᠠᠭ᠎ᠤᠨ ᠨᠠᠮ᠎ᠤᠨ ᠬᠤᠷᠢᠶᠠᠨ᠎ᠤ ᠨᠠᠮ᠎ᠤᠨ ᠰᠤᠷᠭᠠᠭᠤᠯᠢ᠎ᠶᠢᠨ ᠳᠡᠳ᠋ ᠫᠷᠣᠹᠧᠰᠰᠣᠷ ᠸᠠᠩ ᠴᠠᠭᠠᠨ ᠵᠢᠷᠭᠢᠶ᠎ᠡ᠎ᠶᠢᠨ ᠬᠤᠯᠪᠤᠭ᠎ᠠ᠎ᠪᠠᠷ ᠲᠠᠮᠵᠢᠭᠤᠯᠤᠨ ᠂ ᠮᠠᠯᠵᠢᠬᠤ ᠤᠷᠤᠨ᠎ᠤ ᠨᠠᠮ᠎ᠤᠨ ᠭᠡᠰᠢᠭᠦᠳ᠎ᠲᠤ ᠬᠠᠨᠳᠤᠭᠤᠯᠤᠭᠰᠠᠨ ︽ ᠴᠠᠬᠢᠮ ᠨᠠᠮ᠎ᠤᠨ ᠬᠢᠴᠢᠶᠡᠯ ︾ ᠨᠡᠬᠡᠭᠡᠪᠡ ᠃ ᠲᠡᠷᠡ ᠡᠭᠦᠨ᠎ᠢᠶᠠᠷ ᠲᠠᠮᠵᠢᠭᠤᠯᠤᠨ ᠲᠡᠳᠡᠨ᠎ᠤ ᠨᠠᠮᠴᠢ ᠴᠢᠨᠠᠷ᠎ᠤᠨ ᠬᠦᠮᠦᠵᠢᠯ᠎ᠢ ᠴᠢᠡᠭᠭᠠᠤᠡᠬᠠᠬᠤ ᠂ ᠡᠨᠡ ᠬᠦ ᠤᠨᠴᠠᠭᠠᠢ ᠴᠠᠭ ᠦᠶ᠎ᠡ᠎ᠳ᠋ᠤ ᠨᠠᠮ᠎ᠤᠨ ᠭᠡᠰᠢᠭᠦᠨ᠎ᠤ ᠬᠤᠰᠢᠭᠤᠴᠢ ᠦᠢᠯᠡᠳᠤᠯ᠎ᠢᠶᠡᠨ ᠪᠠᠳᠠᠷᠠᠭᠤᠯᠵᠤ ᠂ ᠦᠷᠭᠡᠨ ᠤᠯᠠᠨ ᠲᠦᠮᠡᠨ᠎ᠯᠦᠭᠡ ᠰᠡᠳᠬᠢᠯ ᠨᠢᠭᠡᠳᠤᠨ ᠬᠦᠴᠤ᠎ᠪᠠᠨ ᠬᠠᠮᠳᠤᠤᠡᠬᠠᠨ ᠂ ᠬᠡᠴᠡᠭᠦᠦ ᠪᠡᠷᠭᠡ᠎ᠶᠢ ᠢᠯᠠᠨ ᠲᠠᠪᠠᠬᠤ᠎ᠶᠢ ᠤᠷᠢᠶᠠᠯᠠᠭᠰᠠᠨ ᠪᠠᠢᠨ᠎ᠠ ᠃
3 ᠰᠠᠷ᠎ᠠ᠎ᠶᠢᠨ 10᠎ᠤ ᠡᠳᠦᠷ᠎ᠤᠨ ᠦᠳᠡ᠎ᠶᠢᠨ ᠡᠮᠦᠨᠡᠬᠢ 9 ᠴᠠᠭ᠎ᠲᠤ ᠸᠠᠩ ᠴᠠᠭᠠᠨ ᠫᠷᠣᠹᠧᠰᠰᠣᠷ ᠬᠥᠪᠡᠭᠡᠲᠦ ᠰᠢᠷ᠎ᠠ ᠬᠤᠰᠢᠭᠤᠨ᠎ᠤ ᠤᠩᠭᠤᠠ ᠠᠭᠤᠯᠠ ᠰᠤᠮᠤᠨ᠎ᠤ 300 ᠭᠠᠷᠤᠢ ᠭᠡᠰᠢᠭᠦᠨ᠎ᠳ᠋ᠤ ︽ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ᠎ᠳ᠋ᠤ ᠨᠠᠮ᠎ᠤᠨ ᠭᠡᠰᠢᠭᠦᠨ ᠬᠤᠰᠢᠭᠤᠴᠢ ᠦᠢᠯᠡᠳᠦᠯ᠎ᠢ ᠬᠡᠷᠬᠢᠨ ᠪᠠᠲᠠᠷᠠᠭᠤᠯᠬᠤ ᠲᠤᠬᠠᠢ ︾ ᠬᠡᠭᠦ ᠭᠤᠤᠯ ᠰᠡᠳᠦᠪᠲᠦ ᠬᠢᠴᠢᠶᠡᠯ ᠤᠷᠤᠵᠠᠢ ᠃ ᠣᠩᠭᠤᠨ ᠠᠭᠤᠯᠠ ᠰᠤᠮᠤᠨ᠎ᠤ ᠨᠠᠮ᠎ᠤᠨ ᠬᠤᠷᠢᠶᠠᠨ᠎ᠤ ᠤᠬᠠᠭᠤᠯᠬᠤ ᠭᠡᠰᠢᠭᠦᠨ ᠣᠤᠡᠬᠤᠨᠬᠤᠸᠠᠷ ᠬᠢᠴᠢᠶᠡᠯ᠎ᠤᠨ ᠲᠠᠶᠢᠯᠤᠮᠵᠢ᠎ᠶᠢ ᠰᠣᠨᠣᠰᠬᠤ᠎ᠶᠢᠨ ᠳᠠᠭᠠᠤ ᠨᠠᠷᠢᠨ ᠲᠡᠮᠳᠡᠭᠯᠡᠯ ᠬᠢᠵᠦ ᠂ ᠪᠠᠰᠠ ᠬᠢᠴᠢᠶᠡᠯ᠎ᠤᠨ ᠳᠠᠷᠠᠭ᠎ᠠ ᠳᠠᠬᠢᠨ ᠬᠢᠴᠢᠶᠡᠯ᠎ᠤᠨ ᠠᠭᠤᠯᠭ᠎ᠠ᠎ᠶᠢ ᠪᠠᠭᠤᠯᠭᠠᠨ ᠠᠪᠴᠤ ᠂ ᠪᠦᠭᠦ ᠬᠤᠰᠢᠭᠤᠨ᠎ᠤ ᠪᠤᠰᠤᠳ ᠰᠤᠮᠤ ᠪᠠᠯᠭᠠᠰᠤᠨ᠎ᠤ ᠺᠠᠳ᠋ᠷ ᠠᠵᠢᠯᠲᠠᠳ᠎ᠤᠨ ᠬᠤᠯᠪᠤᠭᠠᠨ᠎ᠳ᠋ᠤ ᠶᠠᠪᠤᠭᠤᠯᠵᠤ ᠂ ᠤᠯᠠᠨ ᠲᠦᠮᠡᠨ᠎ᠤ ᠬᠢᠵᠢᠭ᠎ᠤᠨ ᠪᠠᠶᠢᠳᠠᠯ᠎ᠢ ᠢᠯᠠᠨ ᠳᠠᠪᠠᠭ᠋ᠤ ᠂ ᠠᠵᠤ ᠠᠬᠤᠶ ᠨᠡᠶᠢᠭᠡᠮ᠎ᠤᠨ ᠬᠥᠭᠵᠢᠯᠲᠡ᠎ᠶᠢ ᠰᠡᠷᠭᠦᠬᠡᠨ ᠭᠦᠭᠵᠢᠭᠦᠯᠭᠦ ᠢᠲᠡᠭᠡᠯ ᠵᠣᠷᠢᠭ᠎ᠢ ᠡᠷᠴᠢᠯᠡᠵᠡᠢ ᠃



3 ᠰᠠᠷ᠎ᠠ᠎ᠶᠢᠨ 8᠎ᠤ ᠡᠳᠦᠷ ᠂ ᠲᠠᠷᠤᠢ ᠡᠨᠡ ᠵᠢᠯ᠎ᠤᠨ ︽ ᠲᠡᠯᠡᠬᠡᠢ᠎ᠶᠢᠨ ᠬᠦᠳᠡᠯᠮᠦᠷᠢᠴᠢᠨ ᠡᠮᠡᠭᠲᠡᠶᠢᠴᠦᠳ᠎ᠤᠨ ᠪᠠᠶᠠᠷ ︾᠎ᠤᠨ ᠡᠳᠦᠷ ᠂ ᠸᠠᠩ ᠴᠠᠭᠠᠨ ᠪᠠᠭᠰᠢ ᠵᠡᠭᠦᠨ ᠦᠵᠦᠮᠦᠴᠢᠨ ᠬᠤᠰᠢᠭᠤᠨ᠎ᠤ ᠤᠯᠢᠶᠠᠰᠤᠲᠠᠢ ᠪᠠᠯᠭᠠᠰᠤᠨ᠎ᠤ ᠬᠠᠯᠠᠭᠠᠢᠲᠤ ᠭᠠᠴᠠᠭᠠᠨ᠎ᠤ ᠮᠠᠯᠴᠢᠨ ᠪᠦᠰᠡᠭᠦᠶᠢᠴᠦᠳ᠎ᠲᠤ ︽ ᠲᠦᠷᠦ᠎ᠶᠢᠨ ᠬᠠᠭᠠᠰ ᠲᠤᠯᠭᠠᠭᠤᠷᠢ ᠂ ᠲᠦᠮᠡᠨ ᠤᠯᠠᠨ᠎ᠤ ᠰᠢᠨ᠎ᠡ ᠢᠯᠠᠯᠳᠠ ︾ ᠭᠡᠬᠦ ᠰᠡᠳᠦᠪ᠎ᠢᠶᠠᠷ ᠬᠢᠴᠢᠶᠡᠯ ᠲᠠᠢᠯᠤᠮᠵᠢ ᠬᠢᠵᠦ ᠂ ᠰᠢᠨ᠎ᠡ ᠴᠠᠭ ᠦᠶ᠎ᠡ᠎ᠶᠢᠨ ᠡᠮᠡᠭᠲᠡᠶᠢᠴᠦᠳ᠎ᠤᠨ ᠬᠥᠳᠡᠭᠡ ᠲᠣᠰᠬᠤᠨ᠎ᠢᠶᠡᠨ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ᠎ᠳ᠋ᠤ ᠢᠳᠡᠪᠬᠢᠲᠡᠢ ᠣᠷᠣᠯᠴᠠᠵᠤ ᠂ ᠡᠮᠡᠭᠲᠡᠶᠢᠴᠦᠳ᠎ᠤᠨ ᠦᠢᠯᠡᠰ ᠪᠤᠰᠬᠠᠬᠤ ᠂ ᠰᠢᠨ᠎ᠡ᠎ᠶᠢ ᠡᠭᠦᠳᠬᠦ ᠴᠢᠳᠠᠪᠦᠷᠢ ᠲᠦᠪᠰᠢᠨ᠎ᠢᠶᠡᠨ ᠳᠡᠭᠡᠭᠰᠢᠯᠡᠭᠦᠯᠬᠦ᠎ᠶᠢ ᠤᠷᠮᠠᠰᠢᠭᠤᠯᠤᠨ ᠵᠣᠷᠢᠭᠵᠢᠭᠤᠯᠵᠠᠢ ᠃
ᠵᠡᠭᠦᠨ ᠦᠵᠦᠮᠦᠴᠢᠨ ᠬᠤᠰᠢᠭᠤᠨ᠎ᠤ ᠤᠯᠢᠶᠠᠰᠤᠲᠠᠢ ᠪᠠᠯᠭᠠᠰᠤᠨ᠎ᠤ ᠬᠠᠯᠠᠭᠠᠢᠲᠤ ᠭᠠᠴᠠᠭᠠᠨ᠎ᠤ ᠡᠮᠡᠭᠲᠡᠶᠢᠴᠦᠳ᠎ᠤᠨ ᠬᠤᠯᠪᠤᠭᠠᠳᠤ ᠬᠤᠷᠠᠯ᠎ᠤᠨ ᠡᠷᠬᠢᠯᠡᠭᠴᠢ ᠰᠡᠴᠡᠨᠲᠠᠨ᠎ᠠ ᠰᠤᠷᠪᠤᠯᠵᠢᠯᠠᠭ᠎ᠠ ᠬᠦᠯᠢᠶᠡᠬᠦ᠎ᠳ᠋ᠡᠭᠡᠨ ᠄ ︽ ᠥᠪᠡᠷ᠎ᠤᠨ ᠪᠡᠶ᠎ᠡ᠎ᠡᠴᠠ᠎ᠪᠠᠨ ᠡᠬᠢᠯᠡᠵᠦ ᠰᠤᠷᠤᠯᠴᠠᠨ᠎ᠠ ᠂ ᠥᠪᠡᠷ᠎ᠤᠨ ᠪᠡᠶ᠎ᠡ᠎ᠡᠴᠠ᠎ᠪᠠᠨ ᠡᠬᠢᠯᠡᠵᠦ ᠤᠯᠠᠨ ᠲᠦᠮᠡᠨ᠎ᠢ ᠢᠳᠡᠪᠬᠢᠲᠡᠢ ᠪᠦᠯᠬᠦᠮᠳᠡᠭᠦᠯᠦᠨ ᠳᠠᠶᠢᠴᠢᠯᠠᠵᠤ ᠂ ᠲᠡᠳᠡᠨᠦᠰ᠎ᠤᠨ ᠬᠦᠮᠦᠵᠢᠯ ᠪᠤᠯᠪᠠᠰᠤᠷᠠᠯ᠎ᠢ ᠳᠡᠭᠡᠭᠰᠢᠯᠡᠭᠦᠯᠵᠦ ᠂ ᠪᠦᠭᠦᠳᠡᠭᠡᠷ᠎ᠢᠶᠡᠨ ᠰᠢᠨ᠎ᠡ ᠴᠠᠭ ᠦᠶ᠎ᠡ᠎ᠶᠢᠨ ᠠᠮᠵᠢᠯᠲᠠ᠎ᠳ᠋ᠤ ᠬᠦᠷᠦᠨ᠎ᠡ ᠭᠡᠳᠡᠭ᠎ᠲᠤ ᠢᠳᠡᠬᠡᠵᠤ ᠪᠠᠢᠨ᠎ᠠ ︾ ᠭᠡᠯ᠎ᠠ ᠃



ᠤᠶᠢᠯᠠᠭᠠᠭᠰᠠᠨ᠎ᠢᠶᠠᠷ ᠂ ᠸᠠᠩ ᠴᠠᠭᠠᠨ ᠫᠷᠤᠹᠧᠰᠰᠤᠷ ᠵᠢᠯ ᠪᠦᠷᠢ ᠦᠨᠳᠦᠰᠦᠨ ᠱᠠᠲᠤᠨ᠎ᠳ᠋ᠤ ᠭᠦᠨᠵᠡᠭᠡᠢᠷᠡᠨ ᠂ 30 ᠭᠠᠷᠤᠶ ᠲᠠᠯᠠᠪᠠᠢ ᠬᠢᠴᠢᠶᠠᠯ ᠪᠣᠯᠪᠠᠰᠤᠷᠠᠯ ᠬᠢᠵᠤ ᠂ 2 ᠲᠦᠮᠡ ᠭᠠᠷᠤᠶ ᠺᠠᠳ᠋ᠷ ᠠᠵᠢᠯᠲᠠᠨ᠎ᠳ᠋ᠤ ᠨᠠᠮᠴᠢ ᠴᠢᠨᠠᠷ᠎ᠤᠨ ᠪᠣᠯᠪᠠᠰᠤᠷᠠᠯ ᠭᠦᠷᠲᠡᠬᠡᠵᠤ ᠪᠠᠶᠢᠨ᠎ᠠ ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶᠢᠳᠠᠯ ᠡᠭᠦᠰᠦᠭᠰᠡᠨ᠎ᠤ ᠳᠠᠷᠠᠭ᠎ᠠ ᠂ ᠲᠡᠷᠡ ᠨᠠᠮ᠎ᠤᠨ ᠰᠤᠷᠭᠠᠭᠤᠯᠢ᠎ᠶᠢᠨ ᠠᠬᠠᠮᠠᠳ ᠪᠠᠭᠰᠢ ᠪᠣᠯᠤᠭᠰᠠᠨ᠎ᠤ ᠬᠤᠪᠢ᠎ᠳ᠋ᠤ ᠂ ︽ ᠴᠠᠬᠢᠮ ᠨᠠᠮ᠎ᠤᠨ ᠬᠢᠴᠢᠶᠡᠯ ︾ ᠤᠷᠤᠬᠤ᠎ᠶᠢ ᠢᠳᠡᠪᠬᠢᠲᠡᠢ ᠰᠠᠨᠠᠭᠠᠴᠢᠯᠠᠵᠤ ᠂ ᠤᠳᠤᠬᠠᠨ ᠪᠤᠯᠳᠠᠯ᠎ᠠ ᠨᠢᠭᠡᠨᠲᠡ 9 ᠲᠠᠯᠠᠪᠠᠢ ᠦᠨ᠎ᠡ ᠲᠦᠯᠦᠪᠦᠷᠢ ᠦᠭᠡᠢ ᠬᠢᠴᠢᠶᠡᠯ ᠤᠷᠤᠵᠤ ᠂ ᠦᠨᠳᠦᠰᠦᠨ ᠱᠠᠲᠤᠨ᠎ᠤ 3000 ᠭᠠᠷᠤᠶ ᠨᠠᠮ᠎ᠤᠨ ᠭᠡᠰᠢᠭᠦᠨ᠎ᠳ᠋ᠤ ᠨᠠᠮᠴᠢ ᠴᠢᠨᠠᠷ᠎ᠤᠨ ᠬᠦᠮᠦᠵᠢᠯ ᠪᠤᠯᠪᠠᠰᠤᠷᠠᠯ ᠭᠦᠷᠲᠡᠭᠡᠭᠰᠡᠨ ᠪᠠᠶᠢᠨ᠎ᠠ ᠃
ᠡᠨᠡ ᠲᠤᠬᠠᠢ ᠸᠠᠩ ᠴᠠᠭᠠᠨ ᠫᠷᠣᠹᠧᠰᠰᠣᠷ ᠰᠤᠷᠪᠤᠯᠵᠢᠯᠠᠭ᠎ᠠ ᠬᠦᠯᠢᠶᠡᠬᠦ᠎ᠳ᠋ᠡᠭᠡᠨ ᠄ ︽ ᠨᠢᠭᠡ ᠨᠠᠮ᠎ᠤᠨ ᠡᠭᠦᠷ ᠪᠣᠯ ᠨᠢᠭᠡ ᠪᠠᠬᠢᠯᠡᠯᠲᠡ ᠂ ᠨᠢᠭᠡ ᠨᠠᠮ᠎ᠤᠨ ᠭᠡᠰᠢᠭᠦᠨ ᠪᠣᠯ ᠨᠢᠭᠡ ᠲᠤᠭ ᠭᠡᠵᠦ ᠶᠠᠷᠢᠳᠠᠭ ᠂ ᠡᠨᠡ ᠪᠤᠯ ᠨᠠᠮ᠎ᠤᠨ ᠭᠡᠰᠢᠭᠦᠨ ᠬᠡᠵᠢᠶᠡᠲᠡ ᠣᠯᠠᠨ ᠲᠦᠮᠡᠨ᠎ᠤ ᠳᠤᠮᠳᠠ ᠵᠢᠱᠢᠶᠡᠴᠢ ᠳᠠᠭᠠᠭᠤᠯᠤᠭᠴᠢ ᠦᠢᠯᠡᠳᠦᠯ ᠦᠵᠡᠭᠦᠯᠳᠡᠭ ᠭᠡᠰᠡᠨ ᠦᠭᠡ ᠃ ᠮᠠᠨ᠎ᠤ ᠦᠨᠳᠦᠰᠦᠨ ᠱᠠᠲᠤᠨ᠎ᠤ ᠨᠠᠮ᠎ᠤᠨ ᠡᠭᠦᠷ ᠪᠣᠯ ᠪᠠᠶᠢᠯᠳᠤᠭᠠᠨ᠎ᠤ ᠪᠠᠬᠢᠯᠡᠯᠲᠡ᠎ᠶᠢᠨ ᠦᠢᠯᠡᠳᠦᠯ᠎ᠢ ᠦᠵᠡᠭᠦᠯᠦᠨ᠎ᠡ ᠃ ᠶᠡᠷᠦ᠎ᠶᠢᠨ ᠥᠶ᠎ᠡ᠎ᠳ᠋ᠤ ᠪᠠᠰᠠ ᠡᠶᠢᠮᠤ ᠪᠠᠶᠢᠳᠠᠭ ᠃ ᠨᠡᠡᠭ ᠴᠤ ᠤᠯᠤᠰ ᠲᠠᠶᠠᠭᠠᠷ ᠰᠢᠨ᠎ᠡ ᠲᠢᠲᠢᠮᠯᠢᠭ ᠠᠭᠤᠰᠬᠢᠨ ᠦᠷᠪᠢᠰᠤᠯ᠎ᠢ ᠰᠡᠷᠭᠡᠢᠯᠡᠨ ᠡᠵᠡᠮᠳᠡᠵᠦ ᠪᠠᠢᠭ᠎ᠠ ᠣᠨᠴᠠᠭᠠᠢ ᠴᠠᠭ ᠦᠶ᠎ᠡ᠎ᠳ᠋ᠤ ᠪᠢᠳᠡ ᠨᠠᠮ᠎ᠤᠨ ᠭᠡᠰᠢᠭᠦᠨ᠎ᠤ ᠨᠠᠮᠴᠢ ᠴᠢᠨᠠᠷ᠎ᠢ ᠴᠢᠩᠭᠠᠳᠬᠠᠬᠤ᠎ᠨᠢ ᠮᠠᠰᠢ ᠴᠢᠬᠤᠯᠠ ᠠᠴᠢ ᠬᠤᠯᠪᠤᠭᠳᠠᠯ᠎ᠲᠠᠢ ︾ ᠭᠡᠯ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠠᠷᠢᠭᠤᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面