ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠨᠠᠮ᠎ᠤ᠋ᠨ ᠲᠤᠭ

2020-03-23 11:53:33

ᠵᠣᠬᠢᠶᠠᠭ᠍ᠴᠢ᠄ ᠰᠦᠨ ᠯᠢ ᠶᠢᠩ ᠣᠩᠱᠢᠭ᠍ᠰᠠᠨ ᠣᠳᠠᠭ᠎ᠠ᠄ 3

ᠰᠢᠨ᠎ᠠ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢᠳᠠᠯ ᠡᠭᠦᠰᠦᠭᠰᠡᠨ᠎ᠡᠴᠠ ᠨᠠᠭᠠᠰᠢ ᠂ ᠲᠦᠡᠭᠯᠢᠶᠤᠤ ᠬᠤᠳᠠ᠎ᠶᠢᠨ ᠡᠯ᠎ᠠ ᠱᠠᠳᠤᠨ᠎ᠤ ᠨᠠᠮ᠎ᠤᠨ ᠵᠤᠬᠢᠶᠠᠨ ᠪᠠᠢᠭᠤᠯᠤᠯᠳᠠ ᠪᠠ ᠦᠷᠭᠡᠨ ᠤᠯᠠᠨ ᠨᠠᠮ᠎ᠤᠨ ᠬᠡᠰᠢᠬᠦᠨ ᠶᠡᠷᠦᠡᠭᠭᠡᠢ ᠱᠦᠵᠢ ᠰᠢ᠎ᠶᠢᠨ ᠫᠢᠡᠭ᠎ᠤᠨ ᠴᠢᠬᠤᠯᠠ ᠵᠢᠭᠠᠪᠤᠷᠢ᠎ᠶᠢᠨ ᠵᠤᠷᠢᠭ ᠰᠠᠨᠠᠭ᠎ᠠ ᠪᠠ ᠨᠠᠮ᠎ᠤᠨ ᠲᠦᠪ ᠬᠤᠷᠢᠶ᠎ᠠ ᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠎ᠶᠢᠨ ᠰᠢᠢᠳᠪᠤᠷᠢᠳᠦ ᠪᠤᠳᠤᠯᠭ᠎ᠠ ᠪᠠᠢᠷᠢᠯᠠᠭᠤᠯᠤᠯᠳᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ ᠂ ᠤᠭ ᠰᠠᠨᠠᠭ᠎ᠠ᠎ᠪᠠᠨ ᠦᠯᠦ ᠮᠠᠷᠳᠠᠨ ᠡᠭᠦᠷᠭᠡ ᠬᠠᠷᠢᠭᠤᠴᠠᠯᠭ᠎ᠠ᠎ᠪᠠᠨ ᠪᠠᠳᠤ ᠴᠡᠭᠡᠵᠢᠯᠡᠵᠦ ᠂ ᠦᠨᠳᠦᠰᠦᠨ ᠱᠠᠳᠤᠨ᠎ᠤ ᠨᠠᠮ᠎ᠤᠨ ᠵᠤᠬᠢᠶᠠᠨ ᠪᠠᠢᠭᠤᠯᠤᠯᠳᠠ᠎ᠶᠢᠨ ᠪᠡᠬᠢᠯᠡᠯᠳᠡ᠎ᠶᠢᠨ ᠦᠢᠯᠡᠳᠦᠯ ᠪᠠ ᠨᠠᠮ᠎ᠤᠨ ᠬᠡᠰᠢᠬᠦᠨ᠎ᠤ ᠬᠤᠰᠢᠭᠤᠴᠢ ᠦᠢᠯᠡᠳᠦᠯ᠎ᠢ ᠬᠦᠢᠴᠡᠳ ᠪᠠᠳᠠᠷᠠᠭᠤᠯᠵᠠᠢ ᠃

8341 ᠨᠠᠮ᠎ᠤᠨ ᠵᠤᠬᠢᠶᠠᠨ ᠪᠠᠢᠭᠤᠯᠤᠯᠳᠠ ᠬᠦᠳᠡᠯᠤᠯᠴᠠᠪᠠ

ᠲᠦᠡᠭᠯᠢᠶᠤᠤ ᠬᠤᠳᠠ᠎ᠶᠢᠨ ᠡᠯ᠎ᠠ ᠱᠠᠳᠤᠨ᠎ᠤ ᠨᠠᠮ᠎ᠤᠨ ᠵᠤᠬᠢᠶᠠᠨ ᠪᠠᠢᠭᠤᠯᠤᠯᠳᠠ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠢ ᠰᠠᠢᠳᠤᠷ ᠬᠢᠬᠦ᠎ᠶᠢ ᠰᠢ᠎ᠶᠢᠨ ᠫᠢᠡᠭ᠎ᠤᠨ ᠰᠢᠨ᠎ᠠ ᠴᠠᠭ ᠦᠶ᠎ᠠ᠎ᠶᠢᠨ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠰᠤᠷᠤᠯᠴᠠᠬᠤ ᠴᠢᠬᠤᠯᠠ ᠰᠢᠯᠭᠠᠯᠳᠠ ᠪᠤᠯᠭᠠᠵᠤ ᠂ ︽ ᠤᠬ ᠰᠠᠨᠠᠭ᠎ᠠ᠎ᠪᠠᠨ ᠦᠯᠦ ᠮᠠᠷᠳᠠᠵᠤ ᠂ ᠡᠭᠦᠷᠭᠡ ᠬᠠᠷᠢᠭᠤᠴᠠᠯᠭ᠎ᠠ᠎ᠪᠠᠨ ᠪᠠᠳᠤ ᠴᠡᠭᠡᠵᠢᠯᠡᠬᠦ ︾ ᠭᠤᠤᠯ ᠰᠡᠳᠦᠪᠳᠦ ᠬᠦᠮᠦᠵᠢᠯ᠎ᠤᠨ ᠦᠷ᠎ᠠ ᠪᠦᠳᠦᠮᠵᠢ᠎ᠶᠢ ᠪᠠᠳᠤᠳᠬᠠᠬᠤ ᠦᠢᠯᠡᠳᠦᠯᠭᠡ᠎ᠶᠢᠨ ᠲᠠᠯᠠᠪᠤᠷ ᠪᠤᠯᠭᠠᠪᠠ ᠃
ᠨᠠᠮ᠎ᠤᠨ ᠵᠤᠬᠢᠶᠠᠨ ᠪᠠᠢᠭᠤᠯᠤᠯᠳᠠ ᠪᠤᠯ ᠲᠠᠷᠤᠢ ᠲᠠᠢᠴᠢᠨ ᠪᠡᠬᠢᠯᠡᠯᠳᠡ ᠮᠦᠨ ᠃ 1 ᠰᠠᠷ᠎ᠠ᠎ᠶᠢᠨ 25᠎ᠤ ᠡᠳᠦᠷ ᠂ ᠲᠦᠡᠭᠯᠢᠶᠤᠤ ᠬᠤᠳᠠ᠎ᠶᠢᠨ 8341 ᠨᠠᠮ᠎ᠤᠨ ᠵᠤᠬᠢᠶᠠᠨ ᠪᠠᠢᠭᠤᠯᠤᠯᠳᠠ ᠲᠠᠷᠡ ᠲᠠᠷᠤᠢ᠎ᠳ᠋ᠤᠨᠢ ᠬᠦᠳᠡᠯᠦᠯᠴᠡᠵᠦ ᠂ ᠪᠦᠬᠦ ᠬᠡᠰᠢᠬᠦᠨ ᠠᠵᠢᠯ᠎ᠤᠨ ᠪᠠᠢᠷᠢ᠎ᠳᠠᠭᠠᠨ ᠬᠦᠷᠴᠤ ᠂ ᠤᠯᠠᠨ ᠲᠦᠮᠡᠨ᠎ᠢ ᠬᠦᠳᠦᠯᠦᠨ ᠲᠠᠢᠴᠢᠯᠠᠵᠤ ᠂ ᠬᠤᠯᠪᠤᠭᠠᠯᠠᠨ ᠰᠡᠷᠭᠡᠢᠯᠡᠵᠦ ᠬᠤᠯᠪᠤᠭᠠᠯᠠᠨ ᠡᠵᠡᠮᠳᠡᠬᠦ ᠠᠷᠭ᠎ᠠ ᠠᠪᠴᠠᠯ᠎ᠢ ᠨᠠᠢᠳᠠᠪᠤᠷᠢᠵᠢᠭᠤᠯᠵᠤ ᠂ ᠵᠤᠬᠢᠶᠠᠨ ᠪᠠᠢᠭᠤᠯᠤᠯᠳᠠ᠎ᠶᠢᠨ ᠲᠠᠪᠠᠭᠤᠯᠢᠭ᠎ᠢ ᠬᠦᠢᠴᠡᠳ ᠪᠠᠳᠠᠷᠠᠭᠤᠯᠵᠦ ᠂ ᠵᠤᠬᠢᠶᠠᠨ ᠪᠠᠢᠭᠤᠯᠤᠯᠳᠠ᠎ᠶᠢᠨ ᠬᠦᠴᠦᠨ ᠴᠢᠳᠠᠯ᠎ᠢ ᠨᠢᠬᠳᠠᠷᠠᠭᠤᠯᠵᠠᠢ ᠃
ᠮᠠᠯᠵᠢᠬᠤ ᠲᠠᠷᠢᠶᠠᠯᠠᠬᠤ ᠤᠷᠤᠨ᠎ᠳ᠋ᠤ ᠂ ᠡᠯ᠎ᠠ ᠰᠤᠮᠤ ᠭᠠᠴᠠᠭ᠎ᠠ ᠲᠤᠰᠬᠤᠨ᠎ᠤ ᠨᠠᠮ᠎ᠤᠨ ᠵᠤᠬᠢᠶᠠᠨ ᠪᠠᠢᠭᠤᠯᠤᠯᠳᠠ ᠲᠦᠷᠭᠡᠨ ᠬᠦᠳᠡᠯᠦᠯᠴᠡᠵᠦ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ 2606 ︽ ᠬᠤᠰᠢᠭᠤᠴᠢ ᠠᠡᠭᠭᠢ ︾᠎ᠶᠢ ᠪᠠᠢᠭᠤᠯᠵᠤ ᠂ ᠭᠠᠴᠠᠭ᠎ᠠ ᠲᠤᠰᠬᠤᠨ᠎ᠢᠶᠠᠷ ᠨᠢᠭᠡᠴᠢ ᠪᠤᠯᠭᠠᠵᠤ ᠂ ᠭᠡᠷ ᠨᠤᠳᠤᠭ᠎ᠲᠠᠭᠠᠨ ᠪᠤᠴᠠᠬᠰᠠᠨ ᠭᠤᠤᠯᠳᠠᠯᠭ᠎ᠠ᠎ᠲᠠᠢ ᠬᠦᠮᠦᠰ᠎ᠢ ᠪᠦᠬᠦ ᠲᠠᠯ᠎ᠠ᠎ᠪᠠᠷ ᠢᠯᠭᠠᠨ ᠪᠠᠢᠴᠠᠭᠠᠪᠠ ᠃
ᠬᠤᠳᠠ ᠪᠠᠯᠭᠠᠰᠤ᠎ᠳ᠋ᠤ ᠂ ᠵᠡᠭᠡᠯᠢ ᠭᠤᠳᠤᠮᠵᠢ ᠨᠡᠢᠭᠡᠮ ᠲᠤᠭᠤᠷᠢᠭ᠎ᠤᠨ ᠨᠠᠮ᠎ᠤᠨ ᠵᠤᠬᠢᠶᠠᠨ ᠪᠠᠢᠭᠤᠯᠤᠯᠳᠠ ᠲᠤᠤᠷᠵᠢᠭᠤᠯᠤᠭᠰᠠᠨ ᠬᠠᠮᠢᠶᠠᠷᠤᠯᠳᠠ᠎ᠶᠢᠨ ᠬᠡᠯᠪᠡᠷᠢ᠎ᠪᠠᠷ ᠬᠢᠵᠢᠭ᠎ᠤᠨ ᠪᠠᠢᠳᠠᠯ᠎ᠤᠨ ᠬᠢᠨᠠᠯᠳᠠ ᠬᠠᠮᠢᠶᠠᠷᠤᠯᠳᠠ᠎ᠶᠢ ᠴᠢᠡᠭᠭᠠᠳᠬᠠᠵᠠᠢ ᠃ ᠬᠤᠳᠠ ᠪᠠᠯᠭᠠᠰᠤ᠎ᠪᠠᠷ ᠤᠷᠤᠵᠤ ᠭᠠᠷᠬᠤ ᠭᠠᠵᠠᠷ ᠂ ᠵᠠᠰᠠᠮᠠᠯ ᠵᠠᠮ᠎ᠤᠨ ᠬᠤᠷᠢᠭ᠎ᠠ ᠭᠠᠵᠠᠷ ᠪᠤᠯᠤᠨ ᠡᠮ ᠡᠮᠨᠡᠯᠭᠡ ᠡᠷᠡᠬᠦᠯ ᠬᠠᠮᠠᠭᠠᠯᠠᠯ ᠂ ᠪᠠᠴᠢᠮ ᠠᠪᠤᠷᠠᠯᠳᠠ᠎ᠶᠢᠨ ᠪᠠᠳᠤᠯᠠᠭ᠎ᠠ ᠂ ᠤᠯᠠᠨ ᠨᠡᠢᠳᠡ᠎ᠶᠢᠨ ᠦᠢᠯᠡᠴᠢᠯᠡᠭᠡᠨ᠎ᠤ ᠲᠠᠯᠠᠪᠠᠢ ᠵᠡᠷᠭᠡ ᠭᠤᠤᠯᠳᠠᠯᠭ᠎ᠠ᠎ᠲᠠᠢ ᠭᠠᠵᠠᠷ ᠤᠷᠤᠨ᠎ᠳ᠋ᠤ 106 ᠲᠦᠷ ᠴᠠᠭ᠎ᠤᠨ ᠨᠠᠮ᠎ᠤᠨ ᠵᠤᠬᠢᠶᠠᠨ ᠪᠠᠢᠭᠤᠯᠤᠯᠳᠠ ᠪᠠᠢᠭᠤᠯᠵᠤ ᠂ ᠪᠡᠬᠢᠯᠡᠯᠳᠠ᠎ᠪᠠᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠡᠮᠦᠨ᠎ᠠ ᠹᠷᠤᠨᠲ ᠬᠦᠷᠳᠡᠯ᠎ᠠ ᠴᠤᠬᠴᠠᠯᠠᠵᠠᠢ ᠃ ᠬᠤᠷᠴᠢᠨ ᠲᠤᠭᠤᠷᠢᠭ᠎ᠤᠨ 1684 ᠲᠠᠷᠢᠶᠠᠴᠢᠨ ᠨᠠᠮ᠎ᠤᠨ ᠬᠡᠰᠢᠬᠦᠨ᠎ᠢᠶᠠᠷ ᠪᠦᠷᠢᠯᠳᠦᠭᠰᠡᠨ 284 ︽ ᠵᠠᠯᠠᠭᠤ ᠨᠠᠮ᠎ᠤᠨ ᠬᠡᠰᠢᠬᠦᠨ᠎ᠤ ᠬᠤᠰᠢᠭᠤᠴᠢ ᠠᠡᠭᠭᠢ ︾ ᠰᠠᠨᠠᠭᠠᠴᠢᠯᠠᠭ᠎ᠠ᠎ᠡᠴᠠ᠎ᠪᠠᠨ ᠲᠡᠷᠭᠡ ᠬᠦᠰᠭᠡ᠎ᠶᠢ ᠲᠡᠮᠳᠡᠭᠯᠡᠨ ᠲᠠᠡᠭᠰᠠᠯᠠᠬᠤ ᠪᠠ ᠭᠠᠳᠠᠨ᠎ᠠ ᠭᠠᠵᠠᠷ᠎ᠡᠴᠠ ᠢᠷᠡᠭᠰᠡᠳ᠎ᠢ ᠢᠳᠬᠠᠨ ᠪᠤᠴᠠᠭᠠᠬᠤ ᠠᠵᠢᠯ᠎ᠢ ᠬᠢᠪᠡ ᠃

ᠨᠠᠮ᠎ᠤᠨ ᠭᠡᠰᠢᠬᠦᠨ 2103 ᠭᠠᠴᠠᠭ᠎ᠠ ᠲᠤᠰᠬᠤᠨ 222 ᠨᠡᠢᠭᠡᠮ ᠲᠤᠭᠤᠷᠢᠭ ᠪᠡ ᠰᠡᠷᠭᠡᠢᠯᠡᠨ ᠡᠵᠡᠮᠳᠡᠬᠦ ᠴᠡᠭ ᠪᠦᠬᠦᠨ᠎ᠳ᠋ᠤ ᠭᠠᠪᠰᠢᠭᠠᠢᠯᠠᠨ ᠠᠵᠢᠯᠯᠠᠪᠠ

ᠡᠯ᠎ᠠ ᠱᠠᠳᠤᠨ᠎ᠤ ᠨᠠᠮ᠎ᠤᠨ ᠵᠤᠬᠢᠶᠠᠨ ᠪᠠᠢᠭᠤᠯᠤᠯᠳᠠ ᠷᠠᠳᠢᠣ᠋ ᠂ ᠲᠸᠯᠸᠢᠰ ᠂ ᠵᠢᠷᠬᠢᠶ᠎ᠠ ᠵᠡᠷᠭᠡ ᠲᠠᠪᠴᠠᠡᠭ᠎ᠢᠶᠠᠷ ᠲᠦᠪ᠎ᠤᠨ ᠪᠠ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠂ ᠲᠦᠡᠭᠯᠢᠶᠤᠤ ᠬᠤᠳᠠ᠎ᠶᠢᠨ ᠨᠠᠮ᠎ᠤᠨ ᠬᠤᠷᠢᠶ᠎ᠠ᠎ᠶᠢᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠤᠨ ᠲᠤᠬᠠᠢ ᠪᠠᠢᠷᠢᠯᠠᠭᠤᠯᠤᠯᠳᠠ ᠪᠠ ᠮᠡᠳᠡᠭᠡ ᠵᠠᠡᠭᠭᠢ᠎ᠶᠢ ᠲᠠᠮᠵᠢᠭᠤᠯᠵᠤ ᠂ ᠤᠯᠠᠨ ᠲᠦᠮᠡᠨ᠎ᠤ ᠬᠢᠵᠢᠭ᠎ᠲᠠᠢ ᠲᠡᠮᠡᠴᠡᠬᠦ ᠢᠳᠡᠭᠡᠯ ᠵᠤᠷᠢᠭ᠎ᠢ᠎ᠨᠢ ᠬᠦᠪᠴᠢᠯᠡᠭᠰᠡᠨ ᠪᠠᠢᠨ᠎ᠠ ᠃ ᠬᠤᠷᠴᠢᠨ ᠵᠡᠬᠦᠨ ᠭᠠᠷᠤᠨ ᠲᠤᠮᠳᠠᠳᠤ ᠬᠤᠰᠢᠭᠤ ᠭᠠᠴᠠᠭ᠎ᠠ ᠲᠤᠰᠬᠤᠨ᠎ᠤ ᠯᠠᠪᠠᠷ᠎ᠢ ᠠᠰᠢᠬᠯᠠᠵᠤ ᠡᠳᠦᠷ ᠪᠦᠷᠢ ᠪᠦᠬᠦ ᠤᠯᠤᠰ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠪᠠᠢᠳᠠᠯ᠎ᠢ ᠲᠠᠨᠢᠯᠴᠠᠭᠤᠯᠵᠠᠢ ᠃ ᠵᠠᠷᠤᠳ ᠬᠤᠰᠢᠭᠤ ᠵᠢᠯᠤᠭᠤᠴᠢ ᠦᠭᠡᠢ ᠨᠢᠰᠭᠡᠯ᠎ᠢ ᠬᠡᠷᠡᠭᠯᠡᠵᠦ ᠮᠤᠡᠭᠭᠤᠯ ᠬᠢᠳᠡᠳ ᠬᠤᠤᠰ ᠬᠡᠯᠡᠡ᠎ᠤ ᠤᠬᠠᠭᠤᠯᠭ᠎ᠠ᠎ᠶᠢᠨ ᠬᠠᠭᠤᠳᠠᠰᠤ ᠲᠠᠷᠬᠠᠭᠠᠬᠤ᠎ᠶᠢᠨ ᠬᠠᠮᠳᠤ ᠨᠡᠭᠦᠳᠡᠯ ᠤᠬᠠᠭᠤᠯᠭ᠎ᠠ᠎ᠶᠢᠨ ᠮᠠᠰᠢᠨ ᠲᠡᠷᠭᠡ᠎ᠪᠠᠷ ᠬᠢᠵᠢᠭ᠎ᠢ ᠰᠡᠷᠭᠡᠢᠯᠡᠬᠦ ᠬᠠᠮᠢᠶ᠎ᠠ ᠪᠦᠬᠦᠢ ᠮᠡᠳᠡᠯᠭᠡ᠎ᠶᠢ ᠨᠡᠪᠳᠡᠷᠡᠬᠦᠯᠪᠡ ᠃
ᠪᠦᠬᠦ ᠬᠤᠳᠠ᠎ᠶᠢᠨ ᠡᠯ᠎ᠠ ᠱᠠᠳᠤᠨ᠎ᠤ ᠨᠠᠮ᠎ᠤᠨ ᠵᠤᠬᠢᠶᠠᠨ ᠪᠠᠢᠭᠤᠯᠤᠯᠳᠠ᠎ᠶᠢᠨ᠎ᠬᠢᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠶᠠᠪᠤᠴᠠ᠎ᠳ᠋ᠤ ᠤᠯᠠᠨ ᠲᠦᠮᠡᠨ᠎ᠤ ᠰᠡᠳᠬᠢᠯ ᠲᠠᠯᠪᠢᠵᠤ ᠪᠠᠢᠭ᠎ᠠ ᠰᠡᠷᠭᠡᠢᠯᠡᠨ ᠬᠠᠮᠠᠭᠠᠯᠠᠬᠤ ᠡᠳ᠋ ᠪᠤᠳᠠᠰ ᠂ ᠠᠮᠤ ᠪᠤᠳᠠᠭ᠎ᠠ ᠂ ᠲᠤᠰᠤ ᠨᠤᠭᠤᠭ᠎ᠠ ᠵᠡᠷᠭᠡ ᠡᠳ᠋ ᠪᠤᠳᠠᠰ᠎ᠤᠨ ᠬᠠᠡᠭᠭᠠᠯᠭ᠎ᠠ᠎ᠶᠢᠨ ᠠᠰᠠᠭᠤᠳᠠᠯ᠎ᠢ ᠪᠦᠳᠦᠮᠵᠢᠳᠡᠢ ᠰᠢᠢᠳᠪᠤᠷᠢᠯᠡᠬᠦ᠎ᠶᠢᠨ ᠬᠠᠮᠳᠤ᠎ᠪᠠᠷ ᠤᠷᠴᠢᠨ ᠲᠤᠭᠤᠷᠢᠨ᠎ᠤ ᠡᠷᠡᠬᠦᠯ ᠬᠠᠮᠠᠭᠠᠯᠠᠯ᠎ᠢ ᠴᠡᠭᠴᠡᠯᠡᠨ ᠰᠠᠢᠵᠢᠷᠠᠭᠤᠯᠬᠤ ᠂ ᠨᠡᠬᠦᠳᠡᠯ ᠬᠦᠮᠦᠨ ᠠᠮᠠ᠎ᠶᠢᠨ ᠬᠠᠮᠢᠶᠠᠷᠤᠯᠳᠠ ᠂ ᠲᠤᠬᠳᠠᠬᠰᠠᠨ ᠬᠤᠭᠤᠴᠠᠭ᠎ᠠ᠎ᠲᠠᠢ ᠠᠷᠢᠭᠤᠳᠬᠠᠨ ᠴᠡᠪᠡᠷᠯᠡᠬᠦ ᠵᠡᠷᠭᠡ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠢ ᠰᠠᠢᠳᠤᠷ ᠬᠢᠭᠰᠡᠨ ᠪᠠᠢᠨ᠎ᠠ ᠃ ᠬᠤᠤᠯᠢᠡᠭᠭᠤᠤᠯ ᠬᠤᠳᠠ᠎ᠶᠢᠨ ᠨᠡᠢᠭᠡᠮ ᠲᠤᠭᠤᠷᠢᠭ᠎ᠤᠨ ᠨᠠᠮ᠎ᠤᠨ ᠵᠤᠬᠢᠶᠠᠨ ᠪᠠᠢᠭᠤᠯᠤᠯᠳᠠ ᠰᠠᠢᠨ ᠲᠤᠷ᠎ᠠ᠎ᠶᠢᠨ ᠦᠢᠯᠡᠴᠢᠯᠡᠭᠡᠨ᠎ᠤ ᠡᠡᠭᠨᠡᠭᠡ ᠪᠠᠢᠭᠤᠯᠵᠤ ᠂ ᠲᠤᠰᠠᠭᠠᠷᠯᠠᠬᠰᠠᠨ ᠲᠤᠭᠤᠷᠢᠭ᠎ᠤᠨ ᠰᠠᠭᠤᠭᠠᠯᠢ ᠠᠷᠠᠳ᠎ᠢ ᠬᠠᠪᠰᠤᠷᠤᠨ ᠡᠳᠦᠷ ᠲᠤᠳᠤᠮ᠎ᠤᠨ ᠡᠳ᠋ ᠬᠡᠷᠡᠭᠰᠡᠯ᠎ᠢ ᠬᠤᠳᠠᠯᠳᠤᠨ ᠠᠪᠬᠤ ᠂ ᠬᠤᠭ ᠨᠤᠪᠰᠢ᠎ᠶᠢ ᠬᠠᠶᠠᠵᠤ ᠦᠭᠪᠡ ᠃ ᠺᠠᠢᠯᠤ ᠰᠢᠶᠠᠨ 638 ᠡᠯ᠎ᠠ ᠱᠠᠳᠤᠨ᠎ᠤ ᠨᠠᠮ᠎ᠤᠨ ᠬᠡᠰᠢᠬᠦᠨ ᠤᠳᠤᠷᠢᠳᠬᠤ ᠺᠠᠳ᠋ᠷ᠎ᠢ ᠵᠤᠬᠢᠶᠠᠨ ᠪᠠᠢᠭᠤᠯᠵᠤ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠬᠤᠭᠤᠴᠠᠭᠠᠨ᠎ᠳ᠋ᠤ ᠤᠯᠠᠨ ᠲᠦᠮᠡᠨ᠎ᠳ᠋ᠤ ᠲᠤᠯᠠᠭᠠᠷᠠᠬᠰᠠᠨ ᠬᠦᠴᠢᠷᠳᠡᠯ ᠪᠠ ᠠᠰᠠᠭᠤᠳᠠᠯ᠎ᠢ᠎ᠨᠢ ᠰᠢᠢᠳᠪᠤᠷᠢᠯᠡᠪᠡ ᠃
ᠰᠢᠨ᠎ᠠ ᠲᠢᠳᠢᠮᠯᠢᠭ ᠠᠭᠤᠰᠬᠢᠨ ᠦᠷᠪᠢᠰᠦᠯ᠎ᠢ ᠰᠡᠷᠭᠡᠢᠯᠡᠨ ᠡᠵᠡᠮᠳᠡᠬᠦ ᠶᠠᠪᠤᠴᠠ᠎ᠳ᠋ᠤ ᠦᠷᠭᠡᠨ ᠤᠯᠠᠨ ᠨᠠᠮ᠎ᠤᠨ ᠬᠡᠰᠢᠬᠦᠨ ᠤᠭ ᠰᠠᠨᠠᠭ᠎ᠠ᠎ᠪᠠᠨ ᠦᠢᠯᠡ ᠠᠵᠢᠯᠯᠠᠭ᠎ᠠ᠎ᠪᠠᠷ᠎ᠢᠶᠡᠨ ᠢᠯᠡᠷᠡᠬᠦᠯᠵᠦ ᠂ ᠡᠭᠦᠷᠭᠡ ᠬᠠᠷᠢᠭᠤᠴᠠᠯᠭ᠎ᠠ᠎ᠪᠠᠨ ᠠᠵᠢᠯ᠎ᠤᠨ ᠪᠠᠢᠷᠢ᠎ᠳᠠᠭᠠᠨ ᠨᠠᠢᠳᠠᠪᠤᠷᠢᠵᠢᠭᠤᠯᠪᠠ ᠃ 992 ᠨᠠᠮ ᠵᠠᠰᠠᠭ᠎ᠤᠨ ᠪᠠᠢᠭᠤᠯᠭ᠎ᠠ ᠠᠵᠤ ᠠᠬᠤᠢᠯᠠᠯ ᠠᠵᠢᠯ ᠦᠢᠯᠡᠰ᠎ᠤᠨ ᠨᠢᠭᠡᠴᠢ ᠂ 25600 ᠭᠠᠷᠤᠢ ᠨᠠᠮ᠎ᠤᠨ ᠬᠡᠰᠢᠬᠦᠨ᠎ᠤ ᠵᠤᠬᠢᠶᠠᠨ ᠪᠠᠢᠭᠤᠯᠤᠬᠰᠠᠨ ︽ ᠬᠤᠰᠢᠭᠤᠴᠢ ᠠᠡᠭᠭᠢ ︾ ᠂ ︽ ᠬᠠᠮᠠᠭᠠᠯᠠᠬᠴᠢ ᠠᠡᠭᠭᠢ ︾ ᠂ ︽ ᠰᠠᠢᠨ ᠲᠤᠷ᠎ᠠ᠎ᠶᠢᠨ ᠦᠢᠯᠡᠴᠢᠯᠡᠭᠡᠨ᠎ᠤ ᠠᠡᠭᠭᠢ ︾ ᠂ ᠨᠠᠮ᠎ᠤᠨ ᠬᠡᠰᠢᠬᠦᠨ᠎ᠤ ︽ ᠬᠤᠰᠢᠭᠤᠴᠢ ᠠᠵᠢᠯ᠎ᠤᠨ ᠪᠠᠢᠷᠢ ︾ ᠂ ︽ ᠬᠢᠨᠠᠨ ᠬᠠᠮᠢᠶᠠᠷᠬᠤ ᠠᠵᠢᠯ᠎ᠤᠨ ᠪᠠᠢᠷᠢ ︾᠎ᠨᠢ ᠵᠡᠭᠡᠯᠢ ᠭᠤᠳᠤᠮᠵᠢ ᠨᠡᠢᠭᠡᠮ ᠲᠤᠭᠤᠷᠢᠭ᠎ᠢ ᠬᠠᠮᠵᠢᠯᠴᠠᠵᠤ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠢ ᠬᠢᠪᠠ ᠃ 1569 ᠲᠤᠰᠬᠤᠨ᠎ᠳ᠋ᠤ ᠰᠠᠭᠤᠭ᠎ᠠ ᠨᠢᠭᠡᠳᠦᠭᠡᠷ ᠱᠦᠵᠢ ᠂ ᠠᠵᠢᠯᠯᠠᠬᠤ ᠠᠡᠭᠭᠢ᠎ᠶᠢᠨ ᠲᠠᠷᠤᠭ᠎ᠠ ᠭᠠᠴᠠᠭ᠎ᠠ ᠲᠤᠰᠬᠤᠨ᠎ᠢᠶᠠᠷ ᠭᠦᠡᠵᠡᠭᠡᠢᠷᠡᠨ ᠭᠤᠤᠯᠳᠠᠯᠭ᠎ᠠ᠎ᠲᠠᠢ ᠬᠦᠮᠦᠰ᠎ᠢ ᠢᠯᠭᠠᠨ ᠪᠠᠢᠴᠠᠭᠠᠬᠤ ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠮᠡᠳᠡᠯᠭᠡ᠎ᠶᠢ ᠤᠬᠠᠭᠤᠯᠵᠠᠢ ᠃ ᠲᠦᠡᠭᠯᠢᠶᠤᠤ ᠬᠤᠳᠠ᠎ᠶᠢᠨ 2103 ᠭᠠᠴᠠᠭ᠎ᠠ ᠲᠤᠰᠬᠤᠨ ᠂ 222 ᠨᠡᠢᠭᠡᠮ ᠲᠤᠭᠤᠷᠢᠭ ᠂ ᠡᠯ᠎ᠠ ᠵᠤᠢᠯ᠎ᠤᠨ ᠲᠠᠯᠠᠪᠠᠢ᠎ᠶᠢᠨ ᠰᠡᠷᠭᠡᠢᠯᠡᠨ ᠡᠵᠡᠮᠳᠡᠬᠦ ᠴᠡᠭ ᠪᠦᠬᠦᠨ᠎ᠳ᠋ᠤ ᠨᠠᠮ᠎ᠤᠨ ᠬᠡᠰᠢᠬᠦᠨ ᠭᠠᠪᠰᠢᠭᠠᠢᠯᠠᠨ ᠠᠵᠢᠯᠯᠠᠪᠠ ᠃
ᠦᠨᠳᠦᠰᠦᠨ ᠱᠠᠳᠤᠨ᠎ᠤ ᠦᠷᠭᠡᠨ ᠤᠯᠠᠨ ᠨᠠᠮ᠎ᠤᠨ ᠬᠡᠰᠢᠬᠦᠨ ᠬᠦᠴᠢᠷ ᠪᠡᠷᠭᠡᠰᠢᠶᠡᠯ᠎ᠢ ᠰᠦᠷᠦᠨ ᠤᠷᠤᠬᠰᠢᠯᠠᠵᠤ ᠂ ᠦᠪᠡᠷ᠎ᠤᠨ ᠦᠢᠯᠡ ᠠᠵᠢᠯᠯᠠᠭ᠎ᠠ᠎ᠪᠠᠷ᠎ᠢᠶᠡᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠰᠢᠯᠭᠠᠨ ᠪᠠᠢᠴᠠᠭᠠᠪᠠ ᠃

745.5 ᠲᠦᠮᠡᠨ ᠲᠦᠭᠦᠷᠢᠭ᠎ᠤᠨ ᠲᠤᠰᠬᠠᠢ ᠨᠠᠮ᠎ᠤᠨ ᠰᠦᠢᠳᠭᠡᠯ᠎ᠢ ᠪᠠᠭᠤᠯᠭᠠᠪᠠ

ᠲᠦᠡᠭᠯᠢᠶᠤᠤ ᠬᠤᠳᠠ᠎ᠶᠢᠨ ᠡᠯ᠎ᠠ ᠱᠠᠳᠤᠨ᠎ᠤ ᠵᠤᠬᠢᠶᠠᠨ ᠪᠠᠢᠭᠤᠯᠬᠤ ᠰᠠᠯᠠᠭ᠎ᠠ ᠮᠦᠴᠢᠷ᠎ᠤᠨ᠎ᠬᠢᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠬᠤᠷᠢᠬᠯᠠᠯᠳᠠ᠎ᠶᠢᠨ ᠲᠠᠢᠯᠠᠯᠳᠤᠭᠠᠨ᠎ᠤ ᠢᠯᠠᠯᠳᠠ᠎ᠶᠢ ᠤᠯᠬᠤ᠎ᠶᠢ ᠲᠡᠷᠢᠬᠦᠨ ᠴᠢᠬᠤᠯᠠ ᠡᠭᠦᠷᠭᠡ ᠪᠤᠯᠭᠠᠵᠤ ᠂ ᠡᠭᠦᠷᠭᠡ ᠴᠢᠳᠠᠪᠬᠢ᠎ᠶᠢᠨ ᠲᠠᠪᠠᠭᠤᠯᠢᠭ᠎ᠢᠶᠡᠨ ᠪᠠᠳᠠᠷᠠᠭᠤᠯᠵᠤ ᠂ ᠡᠯ᠎ᠠ ᠱᠠᠳᠤᠨ᠎ᠤ ᠨᠠᠮ᠎ᠤᠨ ᠵᠤᠬᠢᠶᠠᠨ ᠪᠠᠢᠭᠤᠯᠤᠯᠳᠠ ᠪᠠ ᠦᠨᠳᠦᠰᠦᠨ ᠱᠠᠳᠤᠨ᠎ᠤ ᠨᠠᠮ᠎ᠤᠨ ᠬᠡᠰᠢᠬᠦᠨ ᠺᠠᠳ᠋ᠷ᠎ᠢ ᠡᠭᠦᠷᠭᠡ ᠬᠠᠷᠢᠭᠤᠴᠠᠯᠭ᠎ᠠ᠎ᠪᠠᠨ ᠵᠤᠷᠢᠬᠳᠠᠢ ᠬᠠᠷᠢᠭᠤᠴᠠᠬᠤ᠎ᠶᠢ ᠵᠤᠷᠢᠭᠵᠢᠭᠤᠯᠪᠠ ᠃ ᠨᠡᠢᠳᠡ 745.5 ᠲᠦᠮᠡᠨ ᠲᠦᠭᠦᠷᠢᠭ᠎ᠤᠨ ᠲᠤᠰᠬᠠᠢ ᠨᠠᠮ᠎ᠤᠨ ᠰᠦᠢᠳᠭᠡᠯ᠎ᠢ ᠪᠠᠭᠤᠯᠭᠠᠵᠤ ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠡᠮᠦᠨ᠎ᠠ ᠹᠷᠤᠨᠲ᠎ᠤᠨ ᠡᠮᠴᠢᠯᠡᠭᠡᠨ᠎ᠤ ᠠᠵᠢᠯᠳᠠᠨ ᠪᠠ ᠦᠨᠳᠦᠰᠦᠨ ᠱᠠᠳᠤᠨ᠎ᠤ ᠨᠠᠮ᠎ᠤᠨ ᠬᠡᠰᠢᠬᠦᠨ ᠺᠠᠳ᠋ᠷ᠎ᠢ ᠪᠤᠯᠭᠤᠭᠠᠨ ᠲᠤᠬᠤᠨᠢᠭᠤᠯᠵᠤ ᠂ ᠦᠨᠳᠦᠰᠦᠨ ᠱᠠᠳᠤᠨ᠎ᠤ ᠨᠠᠮ᠎ᠤᠨ ᠵᠤᠬᠢᠶᠠᠨ ᠪᠠᠢᠭᠤᠯᠤᠯᠳᠠ᠎ᠶᠢᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ ᠦᠷᠨᠢᠬᠦᠯᠬᠦ᠎ᠳ᠋ᠤ ᠲᠠᠮᠵᠢᠯᠭᠡ ᠦᠵᠡᠬᠦᠯᠦᠭᠰᠡᠨ ᠪᠠᠢᠨ᠎ᠠ ᠃
ᠲᠦᠡᠭᠯᠢᠶᠤᠤ ᠬᠤᠳᠠ᠎ᠶᠢᠨ ᠡᠯ᠎ᠠ ᠭᠠᠵᠠᠷ᠎ᠤᠨ᠎ᠬᠢᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠡᠮᠦᠨ᠎ᠠ ᠹᠷᠤᠨᠲ᠎ᠢ ᠺᠠᠳ᠋ᠷ᠎ᠢ ᠰᠢᠯᠭᠠᠨ ᠪᠠᠢᠴᠠᠭᠠᠬᠤ ᠴᠢᠬᠤᠯᠠ ᠲᠠᠢᠨ᠎ᠤ ᠲᠠᠯᠠᠪᠤᠷ ᠪᠤᠯᠭᠠᠵᠤ ᠂ ᠡᠯ᠎ᠠ ᠱᠠᠳᠤᠨ᠎ᠤ ᠨᠠᠮ᠎ᠤᠨ ᠬᠤᠷᠢᠶ᠎ᠠ᠎ᠡᠴᠠ ᠤᠢᠯᠠᠭᠠᠬᠤ ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠤᠨ ᠵᠢᠯᠤᠭᠤᠳᠬᠤ ᠰᠠᠯᠠᠭ᠎ᠠ ᠮᠦᠴᠢᠷ᠎ᠤᠨ ᠬᠠᠷᠢᠭᠤ ᠲᠤᠰᠬᠠᠯ ᠂ ᠵᠤᠬᠢᠶᠠᠨ ᠪᠠᠢᠭᠤᠯᠬᠤ ᠰᠠᠯᠠᠭ᠎ᠠ ᠮᠦᠴᠢᠷ᠎ᠤᠨ ᠲᠤᠬᠠᠢ᠎ᠶᠢᠨ ᠭᠠᠵᠠᠷ᠎ᠤᠨ ᠪᠠᠢᠴᠠᠭᠠᠯᠳᠠ ᠂ ᠵᠠᠭᠤᠴᠢᠯᠠᠭᠤᠷ᠎ᠤᠨ ᠮᠡᠳᠡᠭᠡᠯᠡᠯ ᠂ ᠰᠦᠯᠵᠢᠶᠠᠨ᠎ᠤ ᠶᠠᠷᠢᠶ᠎ᠠ ᠬᠡᠯᠡᠯᠴᠡᠭᠡ ᠵᠡᠷᠭᠡ ᠠᠷᠭ᠎ᠠ ᠵᠠᠮ᠎ᠢᠶᠠᠷ ᠡᠯ᠎ᠠ ᠱᠠᠳᠤᠨ᠎ᠤ ᠤᠳᠤᠷᠢᠳᠬᠤ ᠪᠠᠭ ᠪᠠ ᠨᠠᠮ᠎ᠤᠨ ᠬᠡᠰᠢᠬᠦᠨ ᠺᠠᠳ᠋ᠷ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠬᠤᠷᠢᠬᠯᠠᠯᠳᠠ᠎ᠶᠢᠨ ᠲᠠᠢᠯᠠᠯᠳᠤᠭᠠᠨ᠎ᠤ ᠦᠶ᠎ᠠ᠎ᠶᠢᠨ ᠪᠠᠢᠳᠠᠯ᠎ᠢ ᠰᠢᠯᠭᠠᠨ ᠪᠠᠢᠴᠠᠭᠠᠵᠤ ᠂ ᠪᠤᠳᠠᠳᠤ ᠶᠠᠪᠤᠳᠠᠯ᠎ᠢ ᠲᠠᠡᠭᠰᠠᠯᠠᠨ ᠲᠡᠮᠳᠡᠭᠯᠡᠵᠡᠢ ᠃ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠬᠤᠭᠤᠴᠠᠭᠠᠨ᠎ᠳ᠋ᠤ ᠂ ᠲᠦᠡᠭᠯᠢᠶᠤᠤ ᠬᠤᠳᠠ᠎ᠶᠢᠨ᠎ᠬᠢᠨ 71 ᠨᠠᠮ᠎ᠤᠨ ᠵᠤᠬᠢᠶᠠᠨ ᠪᠠᠢᠭᠤᠯᠤᠯᠳᠠ ᠂ 318 ᠨᠠᠮ᠎ᠤᠨ ᠬᠡᠰᠢᠬᠦᠨ᠎ᠢ ᠰᠠᠢᠰᠢᠶᠠᠵᠤ ᠂ ᠬᠠᠷᠢᠭᠤᠴᠠᠯᠭ᠎ᠠ ᠡᠬᠦᠷᠭᠡᠯᠡᠭᠰᠡᠨ ᠦᠭᠡᠢ 139 ᠺᠠᠳ᠋ᠷ᠎ᠡᠴᠠ ᠬᠠᠷᠢᠭᠤᠴᠠᠯᠭ᠎ᠠ ᠨᠡᠭᠡᠮᠵᠢᠯᠡᠪᠡ ᠃ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠡᠮᠦᠨ᠎ᠠ ᠹᠷᠤᠨᠲ᠎ᠲᠤ ᠭᠠᠪᠰᠢᠭᠠᠢᠯᠠᠵᠤ ᠪᠠᠢᠭ᠎ᠠ 1200 ᠭᠠᠷᠤᠢ ᠺᠠᠳ᠋ᠷ ᠤᠯᠠᠨ ᠲᠦᠮᠡᠨ ᠨᠠᠮ᠎ᠳ᠋ᠤ ᠭᠤᠶᠤᠴᠢᠯᠠᠬᠤ ᠡᠷᠭᠦᠳᠡᠯ᠎ᠤᠨ ᠪᠢᠴᠢᠭ᠎ᠢᠶᠡᠨ ᠲᠤᠰᠢᠶᠠᠵᠠᠢ ᠃
ᠨᠠᠮ᠎ᠤᠨ ᠲᠤᠭ ᠨᠠᠮᠢᠷᠠᠵᠤ ᠂ ᠨᠠᠮ᠎ᠤᠨ ᠰᠦᠯᠳᠠ ᠬᠢᠯᠠᠯᠵᠠᠨ᠎ᠠ ᠃ ᠲᠦᠡᠭᠯᠢᠶᠤᠤ ᠬᠤᠳᠠ᠎ᠶᠢᠨ ᠡᠯ᠎ᠠ ᠱᠠᠳᠤᠨ᠎ᠤ ᠨᠠᠮ᠎ᠤᠨ ᠵᠤᠬᠢᠶᠠᠨ ᠪᠠᠢᠭᠤᠯᠤᠯᠳᠠ ᠪᠠ ᠨᠠᠮ᠎ᠤᠨ ᠬᠡᠰᠢᠬᠦᠨ ᠲᠠᠢᠯᠠᠯᠳᠤᠭᠠᠨ᠎ᠤ ᠪᠡᠬᠢᠯᠡᠯᠳᠡ ᠪᠠ ᠬᠤᠰᠢᠭᠤᠴᠢ ᠦᠢᠯᠡᠳᠦᠯ᠎ᠢᠶᠡᠨ ᠬᠦᠢᠴᠡᠳ ᠪᠠᠳᠠᠷᠠᠭᠤᠯᠵᠤ ᠂ ᠦᠨᠳᠦᠰᠦᠳᠡᠨ᠎ᠨᠦᠭᠦᠳ᠎ᠤᠨ ᠤᠯᠠᠨ ᠲᠦᠮᠡᠨ᠎ᠢᠶᠡᠨ ᠬᠦᠳᠦᠯᠦᠨ ᠲᠠᠢᠴᠢᠯᠠᠵᠤ ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠬᠤᠷᠢᠬᠯᠠᠯᠳᠠ᠎ᠶᠢᠨ ᠲᠠᠢᠯᠠᠯᠳᠤᠭᠠᠨ᠎ᠤ ᠢᠯᠠᠯᠳᠠ᠎ᠶᠢ ᠤᠯᠬᠤ᠎ᠪᠠᠷ ᠡᠷᠴᠢ ᠵᠤᠷᠢᠭ᠎ᠢᠶᠡᠨ ᠬᠦᠪᠴᠢᠯᠠᠨ ᠪᠦᠬᠦ ᠬᠦᠴᠦᠨ᠎ᠢᠶᠠᠷ ᠴᠢᠷᠮᠠᠢᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面