ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡ ᠨᠡᠢᠲᠡᠯᠡᠯ

2022-03-02 11:20:43

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

2022 ᠤᠨ᠎ᠤ 3 ᠰᠠᠷ᠎ᠠ᠎ᠶ᠋ᠢᠨ 1᠎ᠤ ᠡᠳᠦᠷ᠎ᠦᠨ 0 ᠴᠠᠭ ᠡᠴᠡ 24 ᠴᠠᠭ ᠪᠣᠯᠲᠠᠯ᠎ᠠ᠄

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠲᠤᠬᠠᠶ᠎ᠶ᠋ᠢᠨ ᠭᠠᠵᠠᠷ᠎ᠤᠨ ᠳᠣᠲᠣᠯᠠᠭ᠍ᠰᠠᠨ ᠡᠪᠡᠳᠴᠢᠨ᠎ᠦ ᠵᠢᠱ᠌ᠢᠶ᠎ᠡ 16 ᠨᠡᠮᠡᠭ᠌ᠳᠡᠵᠡᠶ(ᠴᠦᠮ ᠬᠥᠬᠡᠬᠣᠲᠠ᠎ᠳ᠋ᠦ ᠪᠤᠢ)᠂ ᠡᠭᠦᠨ ᠳ᠋ᠦ1 ᠰᠡᠵᠢᠭᠯᠡᠯᠳᠡᠢ ᠡᠪᠡᠳᠴᠢᠨ᠎ᠤ ᠵᠢᠱ᠌ᠢᠶ᠎ᠡ ᠨᠢ ᠳᠣᠲᠣᠯᠠᠭ᠍ᠰᠠᠨ ᠡᠪᠡᠳᠴᠢᠨ᠎ᠦ ᠵᠢᠱ᠌ᠢᠶ᠎ᠡ ᠪᠤᠯᠵᠤ ᠬᠤᠪᠢᠷᠠᠭᠰᠠᠨ᠎ᠢ ᠪᠠᠭᠳᠠᠭᠠᠨ᠎ᠠ᠃ ᠳᠤᠬᠠᠢ ᠵᠢᠨ ᠭᠠᠵᠠᠷ᠎ᠤᠨ 26 ᠳᠤᠳᠤᠯᠠᠭᠰᠠᠨ ᠡᠪᠡᠳᠴᠢᠨ᠎ᠤ ᠵᠢᠱ᠌ᠢᠶ᠎ᠡ ᠢᠯᠡᠷᠢᠰᠢᠵᠤ ᠡᠮᠨᠡᠯᠭᠡ ᠡᠴᠡ ᠭᠠᠷᠪᠠ᠂ ᠡᠬᠦᠨ ᠳ᠋ᠤ ᠬᠦᠬᠡᠬᠤᠳᠠ ᠳ᠋ᠤ 24᠂ ᠪᠤᠭᠤᠳᠦ ᠬᠤᠳᠠ ᠳ᠋ᠦ 2 ᠪᠤᠢ᠃

3 ᠰᠠᠷ᠎ᠠ᠎ᠶ᠋ᠢᠨ 1᠎ᠤ ᠡᠳᠦᠷ᠎ᠦᠨ 24 ᠴᠠᠭ ᠪᠣᠯᠲᠠᠯ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠣᠲᠣ ᠪᠠᠢᠭ᠎ᠠ ᠲᠤᠬᠠᠶ᠎ᠶ᠋ᠢᠨ ᠭᠠᠵᠠᠷ᠎ᠤᠨ ᠳᠣᠲᠣᠯᠠᠭ᠍ᠰᠠᠨ ᠡᠪᠡᠳᠴᠢᠨ᠎ᠦ ᠵᠢᠱ᠌ᠢᠶ᠎ᠡ 340 ᠪᠠᠢᠵᠦ᠂ ᠡᠬᠦᠨ ᠳ᠋ᠦ ᠬᠥᠬᠡᠬᠣᠲᠠ ᠳ᠋ᠦ 312᠂ ᠪᠤᠭᠤᠳᠦ ᠬᠤᠳᠠ ᠳ᠋ᠦ 19᠂ ᠬᠦᠯᠦᠨ ᠪᠤᠢᠷ ᠬᠤᠳᠠ ᠳ᠋ᠤ 7᠂ ᠪᠠᠶᠠᠨᠨᠠᠭᠤᠷ ᠬᠤᠳᠠ ᠳ᠋ᠤ 2 ᠪᠤᠢ᠃ ᠳᠤᠬᠠᠢ ᠵᠢᠨ ᠭᠠᠵᠠᠷ᠎ᠤᠨ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭᠳᠠᠬᠴᠢ 1 ᠪᠠᠢᠵᠤ(ᠪᠠᠶᠠᠨᠨᠠᠭᠤᠷ ᠬᠤᠳᠠ ᠳ᠋ᠦ ᠪᠤᠢ)᠂ ᠬᠢᠯᠢ ᠵᠢᠨ ᠭᠠᠳᠠᠨ᠎ᠠ ᠡᠴᠡ ᠤᠷᠤᠵᠦ ᠢᠷᠡᠭᠰᠡᠨ ᠡᠪᠡᠳᠴᠢᠨ᠎ᠤ ᠢᠯᠡᠷᠡᠯ ᠦᠭᠡᠢ ᠬᠠᠯᠳᠠᠪᠦᠷᠢᠯᠠᠬᠳᠠᠬᠴᠢ 1(ᠲᠦᠡᠭᠯᠢᠶᠤᠤ ᠬᠤᠳᠠ ᠳ᠋ᠦ) ᠪᠤᠢ᠃ ᠪᠦᠬᠦᠨ᠎ᠢ ᠲᠣᠭ᠍ᠲᠠᠭ᠍ᠰᠠᠨ ᠡᠮᠨᠡᠯᠭᠡ᠎ᠶ᠋ᠢᠨ ᠬᠣᠷᠢᠶ᠎ᠠ ᠎ᠳᠤ ᠲᠤᠰᠠᠭᠠᠷᠯᠠᠨ ᠡᠮᠴᠢᠯᠡᠵᠦ᠍᠂ ᠨᠢᠭ᠍ᠲᠠ ᠣᠢᠷᠠᠲᠤᠭ᠍ᠰᠠᠳ᠎ᠢ᠎ᠨᠢ ᠴᠥᠮ ᠲᠣᠭ᠍ᠲᠠᠭ᠍ᠰᠠᠨ ᠭᠠᠵᠠᠷ ᠲᠥᠪᠯᠡᠷᠡᠭᠦᠯᠦᠨ ᠠᠨᠠᠭᠠᠬᠤ ᠤᠬᠠᠭᠠᠨ᠎ᠤ ᠠᠵᠢᠭ᠍ᠯᠠᠯᠲᠠ ᠬᠢᠵᠦ᠍᠂ ᠬᠢᠵᠢᠭ ᠲᠠᠷᠬᠠᠬᠤ᠎ᠶ᠋ᠢ ᠴᠢᠩᠭ᠎ᠠ ᠰᠡᠷᠭᠡᠢᠯᠡᠵᠦ᠍ ᠪᠣᠶ᠃

ᠢᠷᠡᠯᠳᠡ᠄ ᠦᠪᠦᠷ ᠮᠤᠡᠭᠭᠤᠯ᠎ᠤᠨ ᠡᠷᠡᠬᠦᠯ ᠬᠠᠮᠠᠭᠠᠯᠠᠯ ᠡᠷᠡᠬᠦᠯ ᠮᠡᠨᠳᠦ ᠵᠢᠨ ᠵᠦᠪᠯᠡᠯ


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面