ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡ ᠨᠡᠢᠲᠡᠯᠡᠯ

2022-03-04 09:47:36

ᠵᠣᠬᠢᠶᠠᠭ᠍ᠴᠢ᠄ ᠸᠠᠩ ᠶᠠ ᠵᠢᠩ ᠱᠢᠤᠢ ᠶᠤᠸᠠᠢ ᠣᠩᠱᠢᠭ᠍ᠰᠠᠨ ᠣᠳᠠᠭ᠎ᠠ᠄ 3

3 ᠰᠠᠷ᠎ᠠ᠎ᠶ᠋ᠢᠨ 3 ᠤ᠋ ᠡᠳᠦᠷ᠎ᠦᠨ 10 ᠴᠠᠭ᠎ᠲᠤ᠂ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ ᠡᠴᠡ᠂ 3 ᠰᠠᠷ᠎ᠠ᠎ᠶ᠋ᠢᠨ 2 ᠤ᠋ᠨ ᠡᠳᠤᠷ᠎ᠤᠨ 0 ᠴᠠᠭ᠎ᠡᠴᠡ 24 ᠴᠠᠭ ᠪᠣᠯᠲᠠᠯ᠎ᠠ᠂ ᠬᠥᠬᠡᠬᠣᠲᠠ ᠰᠢᠨ᠎ᠠ ᠪᠡᠷ᠎ᠨᠡᠮᠡᠭᠳᠡᠭᠰᠡᠨ ᠲᠤᠬᠠᠢ᠎ᠶ᠋ᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠣᠨᠣᠱᠢᠯᠠᠭᠳᠠᠭᠰᠠᠨ ᠡᠪᠡᠳᠴᠢᠨ᠎ᠦ ᠵᠢᠱ᠌ᠢᠶ᠎ᠡ ᠵᠢ 6 ᠮᠡᠳᠡᠭᠦᠯᠵᠤ᠂ 3 ᠰᠠᠷ᠎ᠠ᠎ᠶ᠋ᠢᠨ 2 ᠤ᠋ᠨ ᠡᠳᠤᠷ᠎ᠤᠨ 24 ᠴᠠᠭ ᠪᠣᠯᠲᠠᠯ᠎ᠠ᠂ ᠲᠤᠰ ᠡᠭᠡᠯᠵᠢ᠎ᠶ᠋ᠢᠨ ᠬᠢᠵᠢᠭ᠎ᠦᠨ ᠪᠠᠢᠳᠠᠯ ᠳ᠋ᠤ ᠬᠥᠬᠡᠬᠣᠲᠠ᠎ᠲᠤᠬᠠᠢ᠎ᠶ᠋ᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠣᠨᠣᠱᠢᠯᠠᠭ᠍ᠳᠠᠭᠰᠠᠨ ᠡᠪᠡᠳᠴᠢᠨ᠎ᠦ ᠵᠢᠱ᠌ᠢᠶ᠎ᠡ ᠵᠢ ᠨᠡᠢᠳᠡ 394 ᠮᠡᠳᠡᠭᠦᠯᠵᠤ᠂ ᠣᠳᠣᠬᠠᠨ᠎ᠳᠤ 103 ᠡᠪᠡᠳᠴᠢᠲᠡᠨ ᠵᠠᠯᠭᠠᠭ᠎ᠠ᠎ᠪᠠᠷ ᠡᠳᠡᠭᠡᠷᠡᠨ ᠡᠮᠨᠡᠯᠭᠡ᠎ᠡᠴᠡ ᠭᠠᠷᠴᠤ᠌᠂ ᠪᠦᠬᠦ᠌ ᠬᠤᠳᠠ᠎ᠳᠤ ᠤᠳᠤ ᠲᠤᠬᠠᠢ᠎ᠶ᠋ᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠣᠨᠣᠱᠢᠯᠠᠭᠳᠠᠭᠰᠠᠨ ᠡᠪᠡᠳᠴᠢᠨ᠎ᠦ ᠵᠢᠱ᠌ᠢᠶ᠎ᠡ 291 ᠪᠤᠢ ᠭᠡᠵᠦ ᠨᠡᠢᠳᠡᠯᠡᠪᠡ᠃

ᠱᠢᠨ᠎ᠡ᠎ᠪᠡᠷ ᠨᠡᠮᠡᠭ᠌ᠳᠡᠭ᠌ᠰᠡᠨ 6 ᠤᠨᠤᠰᠢᠯᠠᠭᠳᠠᠭᠰᠠᠨ ᠡᠪᠡᠳᠴᠢᠨ᠎ᠦ ᠵᠢᠱ᠌ᠢᠶ᠎ᠡ᠎ᠳᠦ᠂ ᠢᠦᠢᠴᠢᠤᠸᠠᠨ ᠲᠣᠭᠣᠷᠢᠭ᠎ᠲᠤ 1᠂ ᠰᠠᠢᠬᠠᠨ ᠲᠣᠭᠣᠷᠢᠭ᠎ᠲᠤ 1᠂ ᠲᠦᠮᠡᠳ ᠵᠡᠭᠦᠨ ᠬᠣᠱᠢᠭᠤᠨ᠎ᠳᠤ 4 ᠪᠠᠢᠵᠦ᠂ ᠡᠭᠦᠨ᠎ᠳᠦ ᠲᠤᠰᠠᠭᠠᠷᠯᠠᠭ᠍ᠰᠠᠨ ᠪᠠᠭᠤᠳᠠᠯ ᠳ᠋ᠡᠬᠢ ᠨᠢᠭ᠍ᠲᠠ ᠤᠢᠷᠠᠳᠤᠭᠴᠢ᠂ ᠳᠠᠮ ᠤᠢᠷᠠᠳᠤᠭᠴᠢ ᠳ᠋ᠤ 4 ᠪᠠᠢᠵᠤ᠂ ᠪᠢᠲᠡᠭᠦᠮᠵᠢᠯᠡᠨ ᠡᠵᠡᠮᠳᠡᠬᠦ᠌ ᠲᠣᠭᠣᠷᠢᠭ᠎ᠤᠨ ᠭᠤᠤᠯᠳᠠᠯᠭ᠎ᠠ᠎ᠲᠠᠶ ᠬᠠᠮᠢᠶᠠᠷᠤᠨ ᠡᠵᠡᠮᠳᠡᠵᠤ ᠪᠠᠢᠭᠰᠠᠨ ᠬᠥᠮᠦᠨ 2 ᠪᠣᠶ᠃

ᠬᠢᠵᠢᠭ᠎ᠦᠨ ᠪᠠᠢᠳᠠᠯ᠎ᠤᠨ ᠦᠷᠪᠢᠰᠦᠨ ᠳᠡᠯᠭᠡᠷᠡᠬᠦ᠌ ᠬᠠᠨᠳᠤᠰᠢ᠎ᠶ᠋ᠢ ᠦᠳᠲᠡᠷ ᠲᠦᠷᠭᠡᠨ ᠬᠣᠷᠢᠭ᠍ᠯᠠᠬᠤ᠎ᠶ᠋ᠢᠨ ᠲᠥᠯᠥᠭᠡ᠂ 2 ᠰᠠᠷ᠎ᠠ᠎ᠶ᠋ᠢᠨ 17 ᠤ᠋ ᠡᠳᠦᠷ᠎ᠡᠴᠡ ᠡᠬᠢᠯᠡᠨ᠂ ᠬᠥᠬᠡᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠢᠯᠣᠭᠣᠳᠭᠤ ᠭᠠᠵᠠᠷ᠎ᠤᠨ ᠬᠢᠨ ᠨᠢᠭᠡᠨᠲᠡ ᠤᠷᠢᠳ ᠬᠣᠵᠢᠳ 10 ᠡᠭᠡᠯᠵᠢ᠎ᠶ᠋ᠢᠨ ᠶᠡᠬᠡ ᠬᠡᠪᠴᠢᠶᠠᠨ᠎ᠦ ᠪᠠ 2 ᠤᠳᠠᠭᠠᠨ᠎ᠤ ᠭᠤᠤᠯᠳᠠᠯᠭ᠎ᠠ᠎ᠲᠠᠶ ᠣᠷᠣᠨ ᠪᠦᠰᠡ᠎ᠶ᠋ᠢᠨ ᠪᠥᠭᠡᠮ ᠬᠦᠴᠢᠯ᠎ᠦᠨ ᠪᠠᠢᠴᠠᠭᠠᠯᠲᠠ᠎ᠶ᠋ᠢ ᠵᠣᠬᠢᠶᠠᠨ ᠪᠠᠢᠭᠤᠯᠪᠠ᠂ ᠥᠷᠭᠡᠨ ᠣᠯᠠᠨ ᠬᠣᠲᠠ᠎ᠶ᠋ᠢᠨ ᠠᠷᠠᠳ ᠪᠣᠯᠤᠨ ᠬᠣᠲᠠ᠎ᠶ᠋ᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠭᠠᠷ ᠭᠠᠷ ᠵᠢᠠᠨ ᠬᠣᠯᠪᠣᠯᠴᠠᠨ᠂ ᠰᠡᠳᠭᠢᠯ ᠨᠢᠭᠡᠳᠦᠨ ᠬᠢᠵᠢᠭ᠎ᠲᠡᠶ ᠲᠡᠮᠡᠴᠡᠵᠤ ᠪᠠᠢᠨ᠎ᠠ᠃

ᠣᠳᠣᠬᠠᠨ᠎ᠳᠤ᠂ ᠬᠢᠵᠢᠭ᠎ᠦᠨ ᠪᠠᠢᠳᠠᠯ ᠦᠨᠳᠦᠷ ᠲᠦᠪᠰᠢᠨ ᠪᠦᠬᠦᠢ ᠠᠵᠢᠯᠯᠠᠭᠠᠨ ᠡᠴᠡ ᠳᠤᠤᠷ᠎ᠠ ᠲᠦᠪᠰᠢᠨ ᠪᠦᠬᠦᠢ ᠠᠵᠢᠯᠯᠠᠭᠠᠨ ᠲᠡᠢᠰᠢ ᠰᠢᠯᠵᠢᠪᠡ᠂ ᠭᠡᠪᠡᠴᠦ᠍ ᠨᠡᠢᠭᠡᠮ᠎ᠦᠨ᠎ᠲᠠᠯ᠎ᠠ ᠵᠢᠨ ᠬᠠᠯᠳᠠᠪᠤᠷᠢᠯᠠᠬᠤ ᠠᠶᠤᠯ ᠲᠦᠭ᠌ᠰᠢᠭᠦᠷᠢ᠎ᠶ᠋ᠢ ᠮᠥᠨ ᠬᠦ᠌ ᠣᠮᠲᠣᠭᠠᠢᠯᠠᠵᠤ ᠪᠣᠯᠬᠤ ᠥᠬᠡᠶ᠂ ᠡᠨᠡ ᠬᠦ᠌ ᠰᠥᠨᠥᠭᠡᠬᠦ᠌ ᠳᠠᠢᠯᠠᠯᠳᠤᠭᠠᠨ᠂ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠡᠷᠡᠰ ᠲᠤᠢᠯᠪᠤᠷᠢᠲᠠᠶ ᠤᠯᠬᠤ᠎ᠶ᠋ᠢᠨ ᠲᠥᠯᠥᠭᠡ᠂ ᠬᠥᠬᠡᠬᠣᠲᠠ ᠭᠤᠤᠯᠳᠠᠯᠭ᠎ᠠ᠎ᠲᠠᠶ ᠣᠷᠣᠨ ᠪᠦᠰᠡ᠂ ᠭᠤᠤᠯᠳᠠᠯᠭ᠎ᠠ᠎ᠲᠠᠶ ᠬᠥᠮᠦᠰ᠎ᠦᠨ ᠳᠤᠮᠳᠠ ᠪᠥᠭᠡᠮ ᠬᠦᠴᠢᠯ᠎ᠦᠨ ᠪᠠᠢᠴᠠᠭᠠᠯᠲᠠ᠎ᠶ᠋ᠢ ᠦᠷᠭᠦᠯᠵᠢᠯᠡᠨ ᠥᠷᠨᠢᠭᠦᠯᠬᠦ᠌ ᠪᠣᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面