ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡ ᠨᠡᠢᠲᠡᠯᠡᠯ

2022-03-05 09:12:39

ᠵᠣᠬᠢᠶᠠᠭ᠍ᠴᠢ᠄ ᠸᠠᠩ ᠶᠠ ᠵᠢᠩ ᠱᠢᠤᠢ ᠶᠤᠸᠠᠢ ᠣᠩᠱᠢᠭ᠍ᠰᠠᠨ ᠣᠳᠠᠭ᠎ᠠ᠄ 3

3 ᠰᠠᠷ᠎ᠠ ᠶ᠋ᠢᠨ 4 ᠤ᠋ ᠡᠳᠦᠷ ᠤ᠋ᠨ 10 ᠴᠠᠭ ᠲᠦ᠍᠂ ᠬᠥᠬᠡᠬᠣᠲᠠ ᠶ᠋ᠢᠨ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠠᠵᠢᠯ ᠤ᠋ᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠠᠴᠠ᠂ 3 ᠰᠠᠷ᠎ᠠ ᠶ᠋ᠢᠨ 3 ᠤ᠋ ᠡᠳᠦᠷ ᠤ᠋ᠨ 0 ᠴᠠᠭ᠎ᠠᠴᠠ 24 ᠴᠠᠭ ᠪᠣᠯᠲᠠᠯ᠎ᠠ᠂ ᠬᠥᠬᠡᠬᠣᠲᠠ᠎ᠰᠢᠨ᠎ᠡ᠎ᠪᠡᠷ᠎ᠨᠡᠮᠡᠭᠳᠡᠭᠰᠡᠨ ᠲᠤᠬᠠᠢ ᠶ᠋ᠢᠨ ᠭᠠᠵᠠᠷ ᠤ᠋ᠨ ᠱᠢᠨ᠎ᠡ ᠲᠢᠲᠢᠮᠯᠢᠭ ᠠᠭᠤᠰᠭᠢᠨ ᠦᠷᠪᠢᠰᠦᠯ ᠤ᠋ᠨ ᠤᠨᠤᠰᠢᠯᠠᠭᠳᠠᠭᠰᠠᠨ ᠡᠪᠡᠳᠴᠢᠨ ᠤ᠋ ᠵᠢᠱ᠌ᠢᠶ᠎ᠡ ᠶ᠋ᠢ 9 ᠮᠡᠳᠡᠭᠦᠯᠵᠦ᠂ 3 ᠰᠠᠷ᠎ᠠ ᠶ᠋ᠢᠨ 3 ᠤ᠋ ᠡᠳᠦᠷ ᠤ᠋ᠨ 24 ᠴᠠᠭ ᠪᠣᠯᠲᠠᠯ᠎ᠠ᠂ ᠲᠤᠰ ᠡᠭᠡᠯᠵᠢ ᠶ᠋ᠢᠨ ᠬᠢᠵᠢᠭ᠎ᠤ᠋ᠨ ᠪᠠᠢᠳᠠᠯ ᠳ᠋ᠦ ᠬᠦᠬᠡᠬᠤᠲᠠ ᠶ᠋ᠢᠨ ᠬᠢᠨ ᠲᠤᠬᠠᠢ ᠶ᠋ᠢᠨ ᠭᠠᠵᠠᠷ ᠤ᠋ᠨ ᠱᠢᠨ᠎ᠡ ᠲᠢᠲᠢᠮᠯᠢᠭ ᠠᠭᠤᠰᠭᠢᠨ ᠦᠷᠪᠢᠰᠦᠯ ᠤ᠋ᠨ ᠤᠨᠤᠰᠢᠯᠠᠭᠳᠠᠭᠰᠠᠨ ᠡᠪᠡᠳᠴᠢᠨ ᠤ᠋ ᠵᠢᠱ᠌ᠢᠶ᠎ᠡ ᠶ᠋ᠢ 403 ᠮᠡᠳᠡᠭᠦᠯᠪᠡ᠂ ᠣᠳᠣᠬᠠᠨ ᠳ᠋ᠦ 123 ᠡᠪᠡᠳᠴᠢᠲᠡᠨ ᠵᠠᠯᠭᠠᠭ᠎ᠠ᠎ᠪᠠᠷ ᠡᠳᠡᠭᠡᠷᠡᠨ ᠡᠮᠨᠡᠯᠭᠡ᠎ᠡᠴᠡ ᠭᠠᠷᠴᠤ᠌᠂ ᠪᠦᠬᠦ᠌ ᠬᠤᠳᠠ ᠳ᠋ᠦ ᠤᠳᠤ ᠲᠤᠬᠠᠢ ᠶ᠋ᠢᠨ ᠭᠠᠵᠠᠷ ᠤ᠋ᠨ ᠱᠢᠨ᠎ᠡ ᠲᠢᠲᠢᠮᠯᠢᠭ ᠠᠭᠤᠰᠭᠢᠨ ᠦᠷᠪᠢᠰᠦᠯ ᠤ᠋ᠨ ᠤᠨᠤᠰᠢᠯᠠᠭᠳᠠᠭᠰᠠᠨ ᠡᠪᠡᠳᠴᠢᠨ ᠤ᠋ ᠵᠢᠱ᠌ᠢᠶ᠎ᠡ 280 ᠪᠤᠢ ᠭᠡᠵᠦ ᠨᠡᠢᠲᠡᠯᠡᠪᠡ᠃

ᠱᠢᠨ᠎ᠡ᠎ᠪᠡᠷ ᠨᠡᠮᠡᠭ᠌ᠳᠡᠭ᠌ᠰᠡᠨ 9 ᠤᠨᠤᠰᠢᠯᠠᠭᠳᠠᠭᠰᠠᠨ ᠡᠪᠡᠳᠴᠢᠨ ᠤ᠋ ᠵᠢᠱ᠌ᠢᠶ᠎ᠡ ᠳ᠋ᠦ᠂ ᠬᠣᠲᠣᠩ ᠠᠷᠠᠳ ᠤ᠋ᠨ ᠲᠣᠭᠣᠷᠢᠭ ᠲᠦ᠍ 4᠂ ᠲᠦᠮᠡᠳ ᠵᠡᠭᠦᠨ ᠬᠣᠱᠢᠭᠤᠨ ᠳ᠋ᠦ 5 ᠪᠤᠢ᠃ ᠱᠢᠨ᠎ᠡ᠎ᠪᠡᠷ ᠨᠡᠮᠡᠭ᠌ᠳᠡᠭ᠌ᠰᠡᠨ ᠡᠪᠡᠳᠴᠢᠨ ᠤ᠋ ᠵᠢᠱ᠌ᠢᠶ᠎ᠡ᠎ᠨᠢ ᠴᠦᠮ ᠲᠤᠰᠠᠭᠠᠷᠯᠠᠨ ᠬᠠᠮᠢᠶᠠᠷᠤᠨ ᠡᠵᠡᠮᠳᠡᠵᠦ ᠪᠠᠢᠬᠤ ᠪᠠ ᠪᠢᠳᠡᠭᠦᠮᠵᠢᠯᠡᠨ ᠬᠠᠮᠢᠶᠠᠷᠴᠦ ᠪᠠᠢᠬᠤ ᠬᠦᠮᠦᠰ ᠡᠴᠡ ᠢᠷᠡᠯᠲᠡ ᠲᠠᠢ᠂ ᠡᠭᠦᠨ ᠳ᠋ᠦ ᠲᠤᠰᠠᠭᠠᠷᠯᠠᠭ᠍ᠰᠠᠨ ᠪᠠᠭᠤᠳᠠᠯ ᠲᠠᠢ ᠨᠢᠭᠲᠠ ᠤᠢᠷᠠᠳᠤᠭᠴᠢ᠂ ᠳᠠᠮ ᠤᠢᠷᠠᠲᠤᠭᠴᠢ 7 ᠪᠠᠢᠵᠤ᠂ ᠪᠢᠲᠡᠭᠦᠮᠵᠢᠯᠡᠨ ᠡᠵᠡᠮᠳᠡᠬᠦ᠌ ᠤᠷᠤᠨ᠂ ᠬᠠᠮᠢᠶᠠᠷᠤᠨ ᠡᠵᠡᠮᠳᠡᠬᠦ᠌ ᠤᠷᠤᠨ ᠵᠡᠷᠭᠡ ᠭᠤᠤᠯᠳᠠᠯᠭ᠎ᠠ ᠲᠠᠶ ᠬᠠᠮᠢᠶᠠᠷᠤᠨ ᠡᠵᠡᠮᠳᠡᠵᠦ ᠪᠠᠢᠭ᠎ᠠ ᠬᠦᠮᠦᠨ1᠂ ᠪᠢᠳᠡᠭᠦᠮᠵᠢᠯᠡᠨ ᠬᠠᠮᠢᠶᠠᠷᠴᠤ ᠪᠠᠢᠭ᠎ᠠ ᠬᠦᠮᠦᠨ 1 ᠪᠣᠶ᠃

ᠲᠤᠰ ᠤᠳᠠᠭ᠎ᠠ ᠶ᠋ᠢᠨ ᠬᠢᠵᠢᠭ ᠤ᠋ᠨ ᠪᠠᠢᠳᠠᠯ ᠭᠠᠷᠤᠭ᠍ᠰᠠᠨ᠎ᠠᠴᠠ ᠨᠠᠭᠠᠰᠢ᠂ ᠬᠥᠬᠡᠬᠣᠲᠠ ᠵᠠᠯᠭᠠᠭ᠎ᠠ᠎ᠪᠠᠷ 10 ᠡᠭᠡᠯᠵᠢ ᠶ᠋ᠢᠨ ᠶᠡᠬᠡ ᠬᠡᠪᠴᠢᠶᠡᠨ ᠤ᠋ ᠪᠥᠭᠡᠮ ᠬᠦᠴᠢᠯ ᠤ᠋ᠨ ᠪᠠᠢᠴᠠᠭᠠᠯᠲᠠ ᠪᠠ 3 ᠤᠳᠠᠭ᠎ᠠ ᠶ᠋ᠢᠨ ᠭᠣᠣᠯᠳᠠᠯᠭ᠎ᠠ᠎ᠲᠠᠶ ᠣᠷᠣᠨ ᠤ᠋ ᠪᠥᠭᠡᠮ ᠬᠦᠴᠢᠯ ᠤ᠋ᠨ ᠪᠠᠢᠴᠠᠭᠠᠯᠲᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠲᠠᠬᠤᠯ ᠡᠪᠡᠳᠴᠢᠨ ᠤ᠋ ᠰᠤᠳᠤᠯᠤᠯ ᠤ᠋ᠨ ᠪᠠᠢᠴᠠᠭᠠᠯᠲᠠ ᠶ᠋ᠢᠨ ᠡᠬᠢ ᠰᠤᠷᠪᠤᠯᠵᠢ᠎ᠶ᠋ᠢ ᠨᠢ ᠮᠦᠷᠳᠡᠬᠦ᠂ ᠲᠤᠰᠠᠭᠠᠷᠯᠠᠨ ᠬᠠᠮᠢᠶᠠᠷᠤᠨ ᠡᠵᠡᠮᠳᠡᠬᠦ᠌᠂ ᠭᠣᠣᠯᠳᠠᠯᠭ᠎ᠠ᠎ᠲᠠᠶ ᠬᠥᠮᠦᠰ ᠤ᠋ᠨ ᠬᠠᠮᠢᠶᠠᠷᠤᠯᠲᠠ ᠵᠡᠷᠭᠡ ᠡᠯ᠎ᠡ ᠵᠦᠢᠯ ᠤ᠋ᠨ ᠠᠵᠢᠯ ᠢ᠋ ᠵᠡᠷᠭᠡ᠎ᠪᠡᠷ ᠠᠬᠢᠭᠤᠯᠵᠤ᠂ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠠᠵᠢᠯ ᠢᠳᠡᠪᠬᠢᠲᠡᠢ ᠦᠷ᠎ᠡ ᠪᠦᠲᠦᠮᠵᠢ ᠤᠯᠪᠠ᠃

ᠬᠢᠵᠢᠭ ᠤ᠋ᠨ ᠪᠠᠢᠳᠠᠯ ᠤ᠋ᠨ ᠬᠤᠪᠢᠷᠠᠯᠲᠠ᠎ᠶ᠋ᠢ ᠳᠠᠭᠠᠯᠳᠤᠨ᠂ ᠣᠢᠷ᠎ᠠ ᠶ᠋ᠢᠨ ᠬᠤᠭᠤᠴᠠᠭᠠᠨ ᠳ᠋ᠦ ᠬᠡᠰᠡᠭ ᠲᠤᠰᠠᠭᠠᠷᠯᠠᠭ᠍ᠳᠠᠭ᠍ᠰᠠᠨ ᠬᠥᠮᠦᠰ ᠤ᠋ᠨ ᠲᠤᠰᠠᠭᠠᠷᠯᠠᠯ ᠢ᠋ ᠵᠠᠯᠭᠠᠭ᠎ᠠ᠎ᠪᠠᠷ ᠬᠦᠴᠦᠨ ᠥᠬᠡᠶ ᠪᠣᠯᠭᠠᠵᠤ᠂ ᠵᠠᠷᠢᠮ ᠪᠢᠲᠡᠭᠦᠮᠵᠢᠯᠡᠨ ᠡᠵᠡᠮᠳᠡᠬᠦ᠌᠂ ᠬᠠᠮᠢᠶᠠᠷᠤᠨ ᠡᠵᠡᠮᠳᠡᠬᠦ᠌ ᠰᠠᠭᠤᠭᠠᠯᠢ ᠲᠣᠭᠣᠷᠢᠭ ᠴᠤ᠌ ᠵᠠᠯᠭᠠᠭ᠎ᠠ᠎ᠪᠠᠷ ᠬᠣᠷᠢᠭ᠎ᠠ ᠲᠠᠢᠯᠬᠤ ᠨᠥᠬᠥᠴᠡᠯ ᠢ᠋ ᠪᠦᠷᠢᠯᠳᠦᠭᠦᠯᠬᠦ᠌ ᠪᠣᠯᠤᠨ᠎ᠠ᠃ ᠲᠤᠰᠠᠭᠠᠷᠯᠠᠯ ᠢ᠋ ᠬᠦᠴᠦᠨ ᠦᠭᠡᠢ ᠪᠤᠯᠭᠠᠬᠤ ᠪᠠ ᠰᠠᠭᠤᠭᠠᠯᠢ ᠲᠣᠭᠣᠷᠢᠭ ᠤ᠋ᠨ ᠬᠤᠷᠢᠭ᠎ᠠ ᠶ᠋ᠢ ᠲᠠᠢᠯᠬᠤ ᠠᠵᠢᠯ ᠢ᠋ ᠠᠮᠤᠷ ᠲᠦᠪᠱᠢᠨ ᠡᠮᠬᠢ ᠵᠢᠷᠤᠮ᠎ᠲᠠᠶ ᠰᠠᠢᠲᠤᠷ ᠬᠢᠬᠦ᠌ ᠶ᠋ᠢᠨ ᠲᠥᠯᠥᠭᠡ᠂ 《ᠱᠢᠨ᠎ᠡ ᠲᠢᠲᠢᠮᠯᠢᠭ ᠠᠭᠤᠰᠭᠢᠨ ᠦᠷᠪᠢᠰᠦᠯ ᠢ᠋ ᠰᠡᠷᠭᠡᠢᠯᠡᠨ ᠡᠵᠡᠮᠳᠡᠬᠦ᠌ ᠲᠥᠰᠦᠯ (ᠨᠠᠶ᠋ᠮᠠᠳᠤᠭᠠᠷ ᠬᠡᠪᠯᠡᠯ)》 ᠤ᠋ᠨ ᠬᠣᠯᠪᠣᠭ᠍ᠳᠠᠯ ᠪᠥᠬᠥᠶ ᠱᠠᠭᠠᠷᠳᠠᠯᠭ᠎ᠠ᠎ᠶ᠋ᠢ ᠦᠨᠳᠦᠰᠦᠯᠡᠨ᠂ ᠬᠥᠬᠡᠬᠣᠲᠠ ᠶ᠋ᠢᠨ᠎ᠬᠢᠨ 《ᠠᠮᠤᠷ ᠲᠦᠪᠱᠢᠨ᠂ ᠡᠮᠬᠢ ᠵᠢᠷᠤᠮ᠎ᠲᠠᠶ᠂ ᠳᠦᠷᠢᠮᠵᠢᠯ᠎ᠲᠠᠶ᠂ ᠨᠠᠷᠢᠯᠢᠭ ᠣᠨᠣᠪᠴᠢᠲᠠᠶ》 ᠪᠠᠢᠬᠤ ᠵᠠᠷᠴᠢᠮ ᠶᠣᠰᠣᠭᠠᠷ᠂ 《ᠬᠣᠶᠠᠷ ᠢ᠋ ᠳᠡᠢᠯᠵᠦ᠍ ᠨᠢᠭᠡ᠎ᠶ᠋ᠢ ᠬᠤᠪᠢᠷᠠᠭᠤᠯᠬᠤ》 ᠠᠵᠢᠯ ᠢ᠋ ᠠᠯᠬᠤᠮ ᠠᠯᠬᠤᠮ ᠵᠢᠡᠷ ᠥᠷᠨᠢᠭᠦᠯᠦᠨ᠎ᠡ᠂ ᠲᠤᠬᠠᠢᠯᠠᠪᠠᠯ ᠬᠣᠯᠪᠣᠭ᠍ᠳᠠᠯ ᠪᠥᠬᠥᠶ ᠨᠥᠬᠥᠴᠡᠯ ᠳ᠋ᠦ ᠨᠡᠢᠴᠡᠭ᠌ᠰᠡᠨ ᠤᠷᠢᠲᠠᠯ ᠳᠤᠤᠷ᠎ᠠ᠂ ᠨᠢᠭᠲᠠ ᠤᠢᠷᠠᠳᠤᠭᠰᠠᠨ᠂ ᠳᠠᠮ ᠤᠢᠷᠠᠲᠤᠭᠰᠠᠨ ᠬᠥᠮᠦᠰ ᠤ᠋ᠨ ᠲᠤᠰᠠᠭᠠᠷᠯᠠᠯ ᠢ᠋ ᠬᠦᠴᠦᠨ ᠦᠭᠡᠢ ᠪᠤᠯᠭᠠᠵᠤ᠂ ᠪᠢᠲᠡᠭᠦᠮᠵᠢᠯᠡᠨ ᠡᠵᠡᠮᠳᠡᠬᠦ᠌ ᠣᠷᠣᠨ᠂ ᠬᠠᠮᠢᠶᠠᠷᠤᠨ ᠡᠵᠡᠮᠳᠡᠬᠦ᠌ ᠣᠷᠣᠨ ᠤ᠋ ᠬᠤᠷᠢᠭ᠎ᠠ ᠶ᠋ᠢ ᠲᠠᠢᠯᠵᠤ᠂ ᠤᠯᠠᠭᠠᠨ ᠺᠣᠳ᠋᠂ ᠱᠢᠷ᠎ᠠ ᠺᠣᠳ᠋ ᠢ᠋ ᠨᠣᠭᠣᠭᠠᠨ ᠺᠣᠳ᠋ ᠪᠣᠯᠭᠠᠨ ᠬᠤᠪᠢᠷᠠᠭᠤᠯᠬᠤ ᠪᠣᠯᠤᠨ᠎ᠠ᠃

ᠬᠥᠬᠡᠬᠣᠲᠠ ᠶ᠋ᠢᠨ ᠬᠢᠨ ᠨᠢᠭ᠍ᠲᠠ ᠤᠢᠷᠠᠲᠤᠭᠴᠢ᠂ ᠳᠠᠮ ᠤᠢᠷᠠᠲᠤᠭᠴᠢ᠂ ᠪᠢᠲᠡᠭᠦᠮᠵᠢᠯᠡᠨ ᠡᠵᠡᠮᠳᠡᠬᠦ᠌ ᠣᠷᠣᠨ᠂ ᠬᠠᠮᠢᠶᠠᠷᠤᠨ ᠡᠵᠡᠮᠳᠡᠬᠦ᠌ ᠣᠷᠣᠨ ᠵᠡᠷᠭᠡ ᠭᠤᠤᠯᠳᠠᠯᠭ᠎ᠠ᠎ᠲᠠᠶ ᠣᠷᠣᠨ ᠤ᠋ ᠬᠥᠮᠦᠰ᠎ᠲᠦ ᠦᠷᠬᠦᠯᠵᠢᠯᠡᠨ ᠪᠦᠭᠡᠮ ᠬᠦᠴᠢᠯ ᠤ᠋ᠨ ᠪᠠᠢᠴᠠᠭᠠᠯᠲᠠ ᠬᠢᠨ᠎ᠡ᠃ ᠲᠤᠭᠲᠠᠬᠤ ᠱᠢᠶᠠᠨ᠂ ᠬᠣᠷᠢᠨᠭᠡᠷ ᠱᠢᠶᠠᠨ᠂ ᠴᠢᠩ ᠱᠦᠶ ᠾᠧ ᠱᠢᠶᠠᠨ ᠵᠢᠴᠢ ᠦᠴᠦᠸᠠᠨ ᠱᠢᠶᠠᠨ ᠤ᠋ ᠪᠤᠰᠤᠳ ᠱᠢᠶᠠᠩ ᠪᠠᠯᠭᠠᠰᠤ᠎ᠨᠢ ᠰᠡᠷᠭᠡᠢᠯᠡᠨ ᠡᠵᠡᠮᠳᠡᠬᠦ᠌ ᠬᠠᠷᠢᠭᠤᠴᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠤᠭ᠍ᠰᠠᠨ ᠰᠠᠭᠤᠷᠢᠨ ᠳᠡᠭᠡᠷ᠎ᠡ᠂ ᠲᠤᠰᠠᠭᠠᠷᠯᠠᠬᠤ ᠪᠠᠭᠤᠳᠠᠯ᠎ᠳᠤ ᠲᠤᠰᠠᠭᠠᠷᠯᠠᠭᠳᠠᠵᠦ ᠪᠠᠢᠭ᠎ᠠ ᠭᠤᠤᠯᠳᠠᠯᠭ᠎ᠠ᠎ᠲᠠᠶ ᠬᠥᠮᠦᠰ᠎ᠲᠦ ᠦᠷᠭᠦᠯᠵᠢᠯᠡᠨ ᠪᠥᠭᠡᠮ ᠬᠦᠴᠢᠯ ᠤ᠋ᠨ ᠪᠠᠢᠴᠠᠭᠠᠯᠲᠠ ᠬᠢᠨ᠎ᠠ᠃ ᠬᠥᠬᠡᠬᠣᠲᠠ ᠶ᠋ᠢᠨ ᠬᠢᠨ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠵᠦ᠍ ᠪᠠᠢᠭ᠎ᠠ ᠪᠠᠢᠳᠠᠯ ᠢ᠋ ᠦᠨᠳᠦᠰᠦᠯᠡᠨ ᠪᠥᠭᠡᠮ ᠬᠦᠴᠢᠯ ᠤ᠋ᠨ ᠪᠠᠢᠴᠠᠭᠠᠯᠲᠠ ᠶ᠋ᠢᠨ ᠬᠦᠷᠢᠶ᠎ᠡ ᠬᠡᠪᠴᠢᠶ᠎ᠡ ᠳ᠋ᠦ ᠴᠠᠭ ᠲᠤᠬᠠᠶ ᠎ᠳᠤᠨᠢ ᠬᠥᠳᠡᠯᠦᠩᠭᠦᠶ ᠲᠣᠬᠢᠷᠠᠭᠤᠯᠤᠯᠲᠠ ᠬᠢᠨ᠎ᠡ᠂ ᠬᠣᠲᠠ ᠶ᠋ᠢᠨ ᠠᠷᠠᠳ ᠦᠷᠭᠦᠯᠵᠢᠯᠡᠨ ᠡᠷᠬᠡ ᠰᠦᠷᠲᠦ ᠪᠠᠢᠭᠤᠯᠤᠮᠵᠢ ᠶ᠋ᠢᠨ ᠨᠡᠢᠲᠡᠯᠡᠭ᠌ᠰᠡᠨ ᠮᠡᠳᠡᠭ᠌ᠳᠡᠯ ᠢ᠋ ᠠᠩᠬᠠᠷᠴᠤ᠌᠂ ᠱᠠᠭᠠᠷᠳᠠᠯᠭ᠎ᠠ ᠶᠣᠰᠣᠭᠠᠷ ᠪᠥᠭᠡᠮ ᠬᠦᠴᠢᠯ ᠤ᠋ᠨ ᠪᠠᠢᠴᠠᠭᠠᠯᠲᠠ ᠶ᠋ᠢᠨ ᠠᠵᠢᠯ ᠢ᠋ ᠦᠷᠭᠦᠯᠵᠢᠯᠡᠨ ᠢᠳᠡᠪᠬᠢᠲᠡᠶ ᠬᠠᠮᠵᠢᠯᠴᠠᠨ ᠰᠠᠢᠲᠤᠷ ᠬᠢᠬᠦ᠌ ᠬᠡᠷᠡᠭ᠌ᠲᠡᠶ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面