ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡ ᠨᠡᠢᠲᠡᠯᠡᠯ

2022-03-07 10:27:35

ᠵᠣᠬᠢᠶᠠᠭ᠍ᠴᠢ᠄ ​ᠸᠠᠩ ᠶᠠ ᠵᠢᠩ ᠱᠢᠤᠢ ᠶᠤᠸᠠᠢ ᠣᠩᠱᠢᠭ᠍ᠰᠠᠨ ᠣᠳᠠᠭ᠎ᠠ᠄ 3

3 ᠰᠠᠷ᠎ᠠ ᠶ᠋ᠢᠨ 6 ᠤ᠋ 10 ᠡᠳᠤᠷ ᠎ᠤᠨ ᠴᠠᠭ᠎ᠲᠤ᠂ ᠬᠥᠬᠡᠬᠣᠲᠠ ᠶ᠋ᠢᠨ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠠᠵᠢᠯ ᠤ᠋ᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠠᠴᠠ᠂ 3 ᠰᠠᠷ᠎ᠠ ᠶ᠋ᠢᠨ 5᠎ᠤ᠋ ᠡᠳᠦᠷ ᠤ᠋ᠨ 0 ᠴᠠᠭ᠎ᠠᠴᠠ 24 ᠴᠠᠭ ᠪᠣᠯᠲᠠᠯ᠎ᠠ᠂ ᠬᠥᠬᠡᠬᠣᠲᠠ᠎ᠰᠢᠨ᠎ᠡ᠎ᠪᠡᠷ᠎ᠨᠡᠮᠡᠭᠳᠡᠭᠰᠡᠨ ᠲᠤᠬᠠᠢ ᠶ᠋ᠢᠨ ᠭᠠᠵᠠᠷ ᠤ᠋ᠨ ᠱᠢᠨ᠎ᠡ ᠲᠢᠲᠢᠮᠯᠢᠭ ᠠᠭᠤᠰᠭᠢᠨ ᠦᠷᠪᠢᠰᠦᠯ ᠤ᠋ᠨ ᠤᠨᠤᠰᠢᠯᠠᠭᠳᠠᠭᠰᠠᠨ ᠡᠪᠡᠳᠴᠢᠨ᠎ᠦ ᠵᠢᠱ᠌ᠢᠶ᠎ᠡ᠎ᠵᠢ 7 ᠮᠡᠳᠡᠭᠦᠯᠵᠦ᠂ ᠲᠤᠰ ᠡᠭᠡᠯᠵᠢ ᠶ᠋ᠢᠨ ᠬᠢᠵᠢᠭ ᠤ᠋ᠨ ᠪᠠᠢᠳᠠᠯ ᠳ᠋ᠦ ᠬᠦᠬᠡᠬᠤᠲᠠ᠎ᠵᠢᠨ ᠬᠢᠨ ᠲᠤᠬᠠᠢ ᠶ᠋ᠢᠨ ᠭᠠᠵᠠᠷ ᠤ᠋ᠨ ᠱᠢᠨ᠎ᠡ ᠲᠢᠲᠢᠮᠯᠢᠭ ᠠᠭᠤᠰᠭᠢᠨ ᠦᠷᠪᠢᠰᠦᠯ ᠤ᠋ᠨ ᠤᠨᠤᠰᠢᠯᠠᠭᠳᠠᠭᠰᠠᠨ ᠡᠪᠡᠳᠴᠢᠨ᠎ᠦ ᠵᠢᠱ᠌ᠢᠶ᠎ᠡ᠎ᠵᠢ ᠨᠠᠢᠳᠠ 415 ᠮᠡᠳᠡᠭᠦᠯᠪᠡ᠂ ᠣᠳᠣᠬᠠᠨ ᠳ᠋ᠦ 190 ᠡᠪᠡᠳᠴᠢᠲᠡᠨ ᠵᠠᠯᠭᠠᠭ᠎ᠠ᠎ᠪᠠᠷ ᠡᠳᠡᠭᠡᠷᠡᠨ ᠡᠮᠨᠡᠯᠭᠡ᠎ᠡᠴᠡ ᠭᠠᠷᠴᠤ᠌᠂ ᠪᠦᠬᠦ᠌ ᠬᠤᠳᠠ ᠳ᠋ᠦ ᠤᠳᠤ ᠲᠤᠬᠠᠢ ᠶ᠋ᠢᠨ ᠭᠠᠵᠠᠷ ᠤ᠋ᠨ ᠱᠢᠨ᠎ᠡ ᠲᠢᠲᠢᠮᠯᠢᠭ ᠠᠭᠤᠰᠭᠢᠨ ᠦᠷᠪᠢᠰᠦᠯ ᠤ᠋ᠨ ᠤᠨᠤᠰᠢᠯᠠᠭᠳᠠᠭᠰᠠᠨ ᠡᠪᠡᠳᠴᠢᠨ᠎ᠦ ᠵᠢᠱ᠌ᠢᠶ᠎ᠡ 225 ᠪᠤᠢ ᠭᠡᠵᠦ ᠨᠡᠢᠲᠡᠯᠡᠪᠡ᠃

ᠱᠢᠨ᠎ᠡ᠎ᠪᠡᠷ ᠨᠡᠮᠡᠭ᠌ᠳᠡᠭ᠌ᠰᠡᠨ 7 ᠤᠨᠤᠰᠢᠯᠠᠭᠳᠠᠭᠰᠠᠨ ᠡᠪᠡᠳᠴᠢᠨ᠎ᠦ ᠵᠢᠱ᠌ᠢᠶ᠎ᠡ᠎ᠳᠦ᠂ ᠲᠦᠮᠡᠳ ᠵᠡᠭᠦᠨ ᠬᠣᠱᠢᠭᠤᠨ ᠳ᠋ᠦ 2᠂ ᠰᠢᠨ᠎ᠡ ᠬᠤᠳᠠ ᠲᠤᠭᠤᠷᠢᠭ ᠲᠦ᠍ 4᠂ ᠬᠣᠲᠣᠩ ᠠᠷᠠᠳ ᠤ᠋ᠨ ᠲᠣᠭᠣᠷᠢᠭ᠎ᠲᠤ 1 ᠪᠤᠢ᠃ ᠱᠢᠨ᠎ᠡ᠎ᠪᠡᠷ ᠨᠡᠮᠡᠭ᠌ᠳᠡᠭ᠌ᠰᠡᠨ ᠡᠪᠡᠳᠴᠢᠨ᠎ᠦ ᠵᠢᠱ᠌ᠢᠶ᠎ᠡ᠎ᠨᠢ ᠪᠦᠬᠦᠨ ᠵᠢᠡᠷ ᠵᠢᠡᠨ ᠲᠤᠰᠠᠭᠠᠷᠯᠠᠭ᠍ᠰᠠᠨ ᠪᠠᠭᠤᠳᠠᠯ ᠪᠠ ᠪᠢᠲᠡᠭᠦᠮᠵᠢᠯᠡᠨ ᠡᠵᠡᠮᠳᠡᠭ᠌ᠰᠡᠨ᠂ ᠬᠠᠮᠢᠶᠠᠷᠤᠨ ᠡᠵᠡᠮᠳᠡᠭ᠌ᠰᠡᠨ ᠣᠷᠣᠨ᠎ᠠᠴᠠ ᠢᠷᠡᠯᠲᠡ᠎ᠲᠡᠶ᠃ ᠡᠭᠦᠨ᠎ᠳᠦ ᠲᠤᠰᠠᠭᠠᠷᠯᠠᠭ᠍ᠰᠠᠨ ᠪᠠᠭᠤᠳᠠᠯ᠎ᠳᠡᠬᠢ ᠨᠢᠭ᠍ᠲᠠ ᠤᠢᠷᠠᠲᠤᠭᠴᠢ᠂ ᠳᠠᠮ ᠤᠢᠷᠠᠲᠤᠭᠴᠢ ᠳ᠋ᠤ 6 ᠪᠠᠢᠵᠤ᠂ ᠪᠢᠲᠡᠭᠦᠮᠵᠢᠯᠡᠨ ᠡᠵᠡᠮᠳᠡᠭ᠌ᠰᠡᠨ ᠤᠷᠤᠨ ᠵᠡᠷᠭᠡ ᠭᠤᠤᠯᠳᠠᠯᠭ᠎ᠠ᠎ᠲᠠᠶ ᠬᠠᠮᠢᠶᠠᠷᠤᠨ ᠡᠵᠡᠮᠳᠡᠵᠦ ᠪᠠᠢᠭ᠎ᠠ ᠬᠥᠮᠦᠨ 1 ᠪᠣᠶ᠃

ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠪᠠᠢᠳᠠᠯ ᠢ᠋ ᠦᠨᠳᠦᠰᠦᠯᠡᠨ᠂ ᠬᠥᠬᠡᠬᠣᠲᠠ ᠶ᠋ᠢᠨ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ ᠭᠠᠵᠠᠷ ᠡᠴᠡ ᠪᠥᠭᠡᠮ ᠬᠦᠴᠢᠯ ᠤ᠋ᠨ ᠪᠠᠢᠴᠠᠭᠠᠯᠲᠠ᠎ᠵᠢᠨ ᠬᠡᠪᠴᠢᠶ᠎ᠡ ᠪᠠᠨ ᠤᠯᠠᠮ ᠵᠢᠡᠷ ᠪᠠᠭᠠᠰᠬᠠᠬᠤ ᠪᠡᠷ ᠳᠤᠬᠳᠠᠪᠠ᠃ 3 ᠰᠠᠷ᠎ᠠ ᠶ᠋ᠢᠨ 6 ᠤ᠋ ᠡᠳᠦᠷ ᠤ᠋ᠨ ᠥᠷᠯᠥᠭᠡ ᠶ᠋ᠢᠨ 5 ᠴᠠᠭ᠎ᠠᠴᠠ ᠡᠬᠢᠯᠡᠨ᠂ ᠭᠤᠤᠯᠳᠠᠭᠤ ᠲᠤᠰᠠᠭᠠᠷᠯᠠᠬᠤ ᠴᠡᠭ᠂ ᠪᠢᠲᠡᠭᠦᠮᠵᠢᠯᠡᠨ ᠡᠵᠡᠮᠳᠡᠬᠦ᠌ ᠣᠷᠣᠨ᠂ ᠬᠠᠮᠢᠶᠠᠷᠤᠨ ᠡᠵᠡᠮᠳᠡᠬᠦ᠌ ᠣᠷᠣᠨ ᠪᠠ ᠬᠡᠷ᠎ᠲᠡᠬᠡᠨ ᠲᠤᠰᠠᠭᠠᠷᠯᠠᠵᠤ ᠬᠤᠭᠤᠴᠠᠭ᠎ᠠ᠎ᠨᠢ ᠲᠤᠯᠤᠭᠠᠳᠤᠶ ᠨᠢᠭᠲᠠ ᠤᠢᠷᠠᠲᠤᠭᠴᠢ᠂ ᠳᠠᠮ ᠤᠢᠷᠠᠲᠤᠭᠴᠢ ᠵᠢᠴᠢ ᠰᠢᠨ᠎ᠡ ᠬᠤᠳᠠ ᠲᠤᠭᠤᠷᠢᠭ᠎ᠤᠨ ᠰᠢᠶᠠᠩ ᠲᠠᠢ ᠬᠤᠸᠠ ᠶᠤᠸᠠᠨ ᠨᠡᠢᠭᠡᠮ ᠲᠤᠭᠤᠷᠢᠭ᠂ ᠬᠤᠳᠤᠩ ᠠᠷᠠᠳ᠎ᠤᠨ ᠲᠤᠭᠤᠷᠢᠭ᠎ᠤᠨ ᠵᠢᠩ ᠲᠠᠢ ᠬᠤᠸᠠ ᠶᠤᠸᠠᠨ ᠨᠡᠢᠭᠡᠮ ᠲᠤᠭᠤᠷᠢᠭ᠂ ᠢᠦᠢᠴᠢᠤᠸᠠᠨ ᠲᠣᠭᠣᠷᠢᠭ᠎ᠤᠨ ᠰᠠᠢ ᠸᠠᠢ ᠮᠢᠩ ᠶᠤᠸᠠᠨ ᠨᠡᠢᠭᠡᠮ ᠲᠤᠭᠤᠷᠢᠭ᠂ ᠰᠠᠢᠬᠠᠨ ᠲᠤᠭᠤᠷᠢᠭ᠎ᠤᠨ ᠵᠢᠦᠢ ᠬᠠᠢ ᠴᠸᠩ ᠲᠤᠯᠤᠳᠤᠭᠠᠷ ᠨᠡᠢᠭᠡᠮ ᠲᠤᠭᠤᠷᠢᠭ᠂ ᠲᠦᠮᠡᠨ ᠵᠡᠭᠦᠨ ᠬᠤᠰᠢᠭᠤᠨ᠎ᠤ ᠵᠢᠨ ᠰᠢᠶᠠ ᠠᠭᠤᠳᠠᠮ ᠳᠠᠯᠠᠪᠠᠢ᠂ ᠲᠦᠮᠡᠳ ᠵᠡᠭᠦᠨ ᠬᠤᠰᠢᠭᠤᠨ᠎ᠤ ᠵᠢᠶᠤᠤ ᠢᠦᠢ ᠵᠢᠶᠠ ᠶᠤᠸᠠᠨ ᠨᠡᠢᠭᠡᠮ ᠲᠤᠭᠤᠷᠢᠭ ᠵᠡᠷᠭᠡ 6 ᠭᠤᠤᠯᠳᠠᠯᠭ᠎ᠠ᠎ᠲᠠᠶ ᠣᠷᠣᠨ᠎ᠳᠤ ᠪᠥᠭᠡᠮ ᠬᠦᠴᠢᠯ ᠤ᠋ᠨ ᠪᠠᠢᠴᠠᠭᠠᠯᠲᠠ ᠬᠢᠵᠦ᠍᠂ ᠪᠥᠭᠡᠮ ᠬᠦᠴᠢᠯ ᠤ᠋ᠨ ᠪᠠᠢᠴᠠᠭᠠᠯᠲᠠ᠎ᠵᠢᠨ ᠬᠠᠷᠠᠯᠲᠠ ᠨᠢ 5.7 ᠲᠦᠮᠡᠨ ᠬᠦᠮᠦᠨ ᠪᠠᠢᠵᠦ᠂ 3 ᠰᠠᠷ᠎ᠠ ᠵᠢᠨ 5 ᠤ᠋ ᠡᠳᠦᠷ ᠡᠴᠡ 16.8 ᠲᠦᠮᠡᠨ ᠬᠦᠮᠦᠨ ᠪᠠᠭᠠᠰᠴᠠᠢ᠃ ᠪᠤᠰᠤᠳ ᠭᠠᠵᠠᠷ ᠤᠷᠤᠨ᠂ ᠬᠦᠮᠦᠰ ᠲᠦ᠍ ᠲᠦᠷ ᠴᠠᠭ ᠪᠦᠭᠡᠮ ᠬᠦᠴᠢᠯ᠎ᠤᠨ ᠪᠠᠢᠴᠠᠭᠠᠯᠳᠠ ᠬᠢᠬᠦ ᠦᠭᠡᠢ᠃

3 ᠰᠠᠷ᠎ᠠ ᠶ᠋ᠢᠨ 6 ᠤ᠋ ᠡᠳᠦᠷ᠂ ᠪᠦᠬᠦ ᠬᠤᠳᠠ ᠵᠢᠨ ᠳᠤᠮᠳᠠ ᠵᠡᠷᠭᠡ ᠶ᠋ᠢᠨ ᠲᠦᠭ᠌ᠰᠢᠭᠦᠷᠢᠲᠡᠶ 12 ᠭᠠᠵᠠᠷ ᠣᠷᠣᠨ ᠢ᠋ ᠳᠤᠤᠷ᠎ᠠ ᠲᠦᠭ᠌ᠰᠢᠭᠦᠷᠢ᠎ᠲᠡᠶ ᠭᠠᠵᠠᠷ ᠣᠷᠣᠨ ᠪᠣᠯᠭᠠᠨ ᠲᠤᠬᠢᠷᠠᠭᠤᠯᠪᠠ᠃ ᠲᠤᠬᠢᠷᠠᠭᠤᠯᠤᠯᠳᠠ ᠬᠢᠭᠰᠡᠨ᠎ᠤ ᠳᠠᠷᠠᠭ᠎ᠠ᠂ ᠬᠦᠬᠡᠬᠤᠳᠠ ᠳ᠋ᠦ ᠦᠨᠳᠦᠷ ᠵᠡᠷᠭᠡ ᠵᠢᠨ ᠲᠦᠭᠰᠢᠭᠦᠷᠢᠲᠠᠢ ᠤᠷᠤᠨ 8᠂ ᠳᠤᠮᠳᠠ ᠵᠡᠷᠭᠡ ᠵᠢᠨ ᠲᠦᠭᠰᠢᠭᠦᠷᠢᠲᠠᠢ ᠤᠷᠤᠨ 58 ᠪᠤᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面