ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡ ᠨᠡᠢᠲᠡᠯᠡᠯ

2022-03-06 09:56:32

ᠵᠣᠬᠢᠶᠠᠭ᠍ᠴᠢ᠄ ​ ᠸᠠᠩ ᠶᠠ ᠵᠢᠩ ᠱᠢᠤᠢ ᠶᠤᠸᠠᠢ ᠣᠩᠱᠢᠭ᠍ᠰᠠᠨ ᠣᠳᠠᠭ᠎ᠠ᠄ 3

3 ᠰᠠᠷ᠎ᠠ ᠶ᠋ᠢᠨ 5 ᠤ᠋ 10 ᠴᠠᠭ᠎ᠲᠤ᠂ ᠬᠥᠬᠡᠬᠣᠲᠠ ᠶ᠋ᠢᠨ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠠᠵᠢᠯ ᠤ᠋ᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠠᠴᠠ᠂ 3 ᠰᠠᠷ᠎ᠠ ᠶ᠋ᠢᠨ 4᠎ᠤ᠋ ᠡᠳᠦᠷ ᠤ᠋ᠨ 0 ᠴᠠᠭ᠎ᠠᠴᠠ 24 ᠴᠠᠭ ᠪᠣᠯᠲᠠᠯ᠎ᠠ᠂ ᠬᠥᠬᠡᠬᠣᠲᠠ ᠰᠢᠨ᠎ᠡ ᠪᠡᠷ ᠨᠡᠮᠡᠭᠳᠡᠭᠰᠡᠨ ᠲᠤᠬᠠᠢ ᠶ᠋ᠢᠨ ᠭᠠᠵᠠᠷ ᠤ᠋ᠨ ᠱᠢᠨ᠎ᠡ ᠲᠢᠲᠢᠮᠯᠢᠭ ᠠᠭᠤᠰᠭᠢᠨ ᠦᠷᠪᠢᠰᠦᠯ ᠤ᠋ᠨ ᠤᠨᠤᠰᠢᠯᠠᠭᠳᠠᠭᠰᠠᠨ ᠡᠪᠡᠳᠴᠢᠨ᠎ᠦ ᠵᠢᠱ᠌ᠢᠶ᠎ᠡ᠎ᠵᠢ 5 ᠮᠡᠳᠡᠭᠦᠯᠵᠦ᠂ ᠲᠤᠰ ᠡᠭᠡᠯᠵᠢ ᠶ᠋ᠢᠨ ᠬᠢᠵᠢᠭ ᠤ᠋ᠨ ᠪᠠᠢᠳᠠᠯ ᠳ᠋ᠦ ᠬᠦᠬᠡᠬᠤᠲᠠ᠎ᠵᠢᠨ ᠬᠢᠨ ᠲᠤᠬᠠᠢ ᠶ᠋ᠢᠨ ᠭᠠᠵᠠᠷ ᠤ᠋ᠨ ᠱᠢᠨ᠎ᠡ ᠲᠢᠲᠢᠮᠯᠢᠭ ᠠᠭᠤᠰᠭᠢᠨ ᠦᠷᠪᠢᠰᠦᠯ ᠤ᠋ᠨ ᠤᠨᠤᠰᠢᠯᠠᠭᠳᠠᠭᠰᠠᠨ ᠡᠪᠡᠳᠴᠢᠨ᠎ᠦ ᠵᠢᠱ᠌ᠢᠶ᠎ᠡ᠎ᠵᠢ ᠨᠠᠢᠳᠠ 408 ᠮᠡᠳᠡᠭᠦᠯᠪᠡ ᠂ ᠣᠳᠣᠬᠠᠨ ᠳ᠋ᠦ 154 ᠡᠪᠡᠳᠴᠢᠲᠡᠨ ᠵᠠᠯᠭᠠᠭ᠎ᠠ᠎ᠪᠠᠷ ᠡᠳᠡᠭᠡᠷᠡᠨ ᠡᠮᠨᠡᠯᠭᠡ᠎ᠡᠴᠡ ᠭᠠᠷᠴᠤ᠌ ᠂ ᠪᠦᠬᠦ᠌ ᠬᠤᠳᠠ ᠳ᠋ᠦ ᠤᠳᠤ ᠲᠤᠬᠠᠢ ᠶ᠋ᠢᠨ ᠭᠠᠵᠠᠷ ᠤ᠋ᠨ ᠱᠢᠨ᠎ᠡ ᠲᠢᠲᠢᠮᠯᠢᠭ ᠠᠭᠤᠰᠭᠢᠨ ᠦᠷᠪᠢᠰᠦᠯ ᠤ᠋ᠨ ᠤᠨᠤᠰᠢᠯᠠᠭᠳᠠᠭᠰᠠᠨ ᠡᠪᠡᠳᠴᠢᠨ᠎ᠦ ᠵᠢᠱ᠌ᠢᠶ᠎ᠡ 254 ᠪᠤᠢ ᠭᠡᠵᠦ ᠨᠡᠢᠲᠡᠯᠡᠪᠡ᠃

ᠱᠢᠨ᠎ᠡ᠎ᠪᠡᠷ ᠨᠡᠮᠡᠭ᠌ᠳᠡᠭ᠌ᠰᠡᠨ 5 ᠤᠨᠤᠰᠢᠯᠠᠭᠳᠠᠭᠰᠠᠨ ᠡᠪᠡᠳᠴᠢᠨ᠎ᠦ ᠵᠢᠱ᠌ᠢᠶ᠎ᠡ᠎ᠳᠦ᠂ ᠲᠦᠮᠡᠳ ᠵᠡᠭᠦᠨ ᠬᠣᠱᠢᠭᠤᠨ ᠳ᠋ᠦ 1᠂ ᠬᠣᠲᠣᠩ ᠠᠷᠠᠳ᠎ᠤ᠋ᠨ ᠲᠣᠭᠣᠷᠢᠭ᠎ᠲᠤ 2᠂ ᠰᠠᠢᠬᠠᠨ ᠲᠣᠭᠣᠷᠢᠭ᠎ᠲᠤ 2 ᠪᠤᠢ᠃ ᠱᠢᠨ᠎ᠡ᠎ᠪᠡᠷ ᠨᠡᠮᠡᠭ᠌ᠳᠡᠭ᠌ᠰᠡᠨ ᠡᠪᠡᠳᠴᠢᠨ᠎ᠦ ᠵᠢᠱ᠌ᠢᠶ᠎ᠡ᠎ᠨᠢ ᠪᠦᠬᠦᠨ ᠵᠢᠡᠷ ᠵᠢᠡᠨ ᠲᠤᠰᠠᠭᠠᠷᠯᠠᠭ᠍ᠰᠠᠨ ᠪᠠᠭᠤᠳᠠᠯ ᠪᠠ ᠪᠢᠲᠡᠭᠦᠮᠵᠢᠯᠡᠨ ᠡᠵᠡᠮᠳᠡᠭ᠌ᠰᠡᠨ᠂ ᠬᠠᠮᠢᠶᠠᠷᠤᠨ ᠡᠵᠡᠮᠳᠡᠭ᠌ᠰᠡᠨ ᠣᠷᠣᠨ᠎ᠠᠴᠠ ᠢᠷᠡᠯᠲᠡ᠎ᠲᠡᠶ᠃ ᠡᠭᠦᠨ᠎ᠳᠦ ᠲᠤᠰᠠᠭᠠᠷᠯᠠᠭ᠍ᠰᠠᠨ ᠪᠠᠭᠤᠳᠠᠯ ᠎ᠳᠡᠬᠢ ᠨᠢᠭ᠍ᠲᠠ ᠤᠢᠷᠠᠲᠤᠭᠴᠢ᠂ ᠳᠠᠮ ᠤᠢᠷᠠᠲᠤᠭᠴᠢ ᠎ᠳᠤ 4 ᠪᠠᠢᠵᠤ᠂ ᠪᠢᠲᠡᠭᠦᠮᠵᠢᠯᠡᠨ ᠡᠵᠡᠮᠳᠡᠭ᠌ᠰᠡᠨ ᠤᠷᠤᠨ ᠵᠡᠷᠭᠡ ᠭᠤᠤᠯᠳᠠᠯᠭ᠎ᠠ᠎ᠲᠠᠶ ᠬᠠᠮᠢᠶᠠᠷᠤᠨ ᠡᠵᠡᠮᠳᠡᠵᠦ ᠪᠠᠢᠭ᠎ᠠ ᠬᠥᠮᠦᠨ 1 ᠪᠣᠶ᠃ ᠲᠤᠰ ᠤᠳᠠᠭᠠᠨ ᠤ᠋ ᠬᠢᠵᠢᠭ ᠤ᠋ᠨ ᠪᠠᠢᠳᠠᠯ ᠡᠭᠦᠰᠦᠭ᠌ᠰᠡᠨ᠎ᠡᠴᠡ ᠨᠠᠭᠠᠰᠢ᠂ 3 ᠰᠠᠷ᠎ᠠ ᠶ᠋ᠢᠨ 2 ᠤ᠋ᠨ ᠡᠳᠦᠷ᠎ᠡᠴᠡ ᠡᠬᠢᠯᠡᠨ᠂ 3 ᠡᠳᠦᠷ ᠳᠠᠷᠠᠭᠠᠯᠠᠨ ᠱᠢᠨ᠎ᠡ᠎ᠪᠡᠷ ᠨᠡᠮᠡᠭ᠌ᠳᠡᠭ᠌ᠰᠡᠨ ᠤᠨᠤᠰᠢᠯᠠᠭᠳᠠᠭᠰᠠᠨ ᠡᠪᠡᠳᠴᠢᠨ᠎ᠦ ᠵᠢᠱ᠌ᠢᠶ᠎ᠡ᠎ᠳᠦ ᠨᠡᠢᠭᠡᠮ ᠲᠡᠭᠡᠷᠡᠬᠢ ᠬᠥᠮᠤᠨ ᠥᠯᠤ ᠪᠠᠢᠬᠤ᠎ᠵᠢ ᠪᠠᠲᠤᠯᠠᠪᠠ᠃

ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠪᠠᠢᠳᠠᠯ ᠢ᠋ ᠦᠨᠳᠦᠰᠦᠯᠡᠨ ᠂ ᠠᠷᠭ᠎ᠠ ᠴᠢᠨᠠᠷᠲᠠᠶ ᠡᠪᠡᠳᠴᠢᠨ᠎ᠦ ᠵᠢᠱ᠌ᠢᠶ᠎ᠡ᠎ᠶ᠋ᠢ ᠤᠯᠠᠮ ᠨᠢᠭᠡ ᠠᠯᠬᠤᠮ ᠱᠢᠭ᠌ᠰᠢᠨ ᠪᠠᠢᠴᠠᠭᠠᠵᠤ᠂ ᠬᠢᠵᠢᠭ ᠤ᠋ᠨ ᠪᠠᠢᠳᠠᠯ ᠤ᠋ᠨ ᠦᠷᠪᠢᠰᠦᠨ ᠳᠡᠯᠭᠡᠷᠡᠬᠦ᠌᠎ᠶ᠋ᠢ ᠣᠨᠣᠴᠠᠲᠠᠶ ᠰᠡᠷᠭᠡᠢᠯᠡᠬᠦ᠌ ᠶ᠋ᠢᠨ ᠲᠥᠯᠥᠭᠡ ᠂ 3 ᠰᠠᠷ᠎ᠠ ᠶ᠋ᠢᠨ 4 ᠤ᠋ ᠡᠳᠦᠷ ᠂ ᠬᠥᠬᠡᠬᠣᠲᠠ ᠶ᠋ᠢᠨ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠵᠢᠯᠣᠭᠣᠳᠭᠤ ᠭᠠᠵᠠᠷ ᠡᠴᠨ ᠪᠥᠬᠥ᠌ ᠬᠣᠲᠠ ᠶ᠋ᠢᠨ ᠪᠥᠭᠡᠮ ᠬᠦᠴᠢᠯ ᠤ᠋ᠨ ᠪᠠᠢᠴᠠᠭᠠᠯᠲᠠ᠎ᠵᠢᠨ ᠬᠡᠪᠴᠢᠶ᠎ᠡ᠎ᠳᠦ ᠲᠣᠬᠢᠷᠠᠭᠤᠯᠤᠯᠲᠠ ᠬᠢᠵᠦ᠂ 3 ᠰᠠᠷ᠎ᠠ ᠶ᠋ᠢᠨ 5 ᠤ᠋ ᠡᠳᠦᠷ ᠤ᠋ᠨ ᠥᠷᠯᠥᠭᠡ ᠶ᠋ᠢᠨ 5 ᠴᠠᠭ᠎ᠠᠴᠠ ᠡᠬᠢᠯᠡᠨ᠂ ᠭᠤᠤᠯᠳᠠᠭᠤ ᠲᠤᠰᠠᠭᠠᠷᠯᠠᠬᠤ ᠴᠡᠭ᠂ ᠪᠢᠲᠡᠭᠦᠮᠵᠢᠯᠡᠨ ᠡᠵᠡᠮᠳᠡᠬᠦ᠌ ᠣᠷᠣᠨ᠂ ᠬᠠᠮᠢᠶᠠᠷᠤᠨ ᠡᠵᠡᠮᠳᠡᠬᠦ᠌ ᠣᠷᠣᠨ ᠪᠠ ᠬᠡᠷ᠎ᠲᠡᠬᠡᠨ ᠲᠤᠰᠠᠭᠠᠷᠯᠠᠵᠤ ᠬᠤᠭᠤᠴᠠᠭ᠎ᠠ᠎ᠨᠢ ᠲᠤᠯᠤᠭᠠᠳᠤᠶ ᠨᠢᠭᠲᠠ ᠤᠢᠷᠠᠲᠤᠭᠴᠢ᠂ ᠳᠠᠮ ᠤᠢᠷᠠᠲᠤᠭᠴᠢ ᠎ᠳᠤ ᠭᠤᠤᠯᠳᠠᠯᠭ᠎ᠠ᠎ᠲᠠᠶ ᠣᠷᠣᠨ ᠤ᠋ ᠪᠥᠭᠡᠮ ᠬᠦᠴᠢᠯ ᠤ᠋ᠨ ᠪᠠᠢᠴᠠᠭᠠᠯᠲᠠ ᠬᠢᠵᠦ᠍᠂ ᠪᠤᠰᠤᠳ ᠭᠠᠵᠠᠷ ᠣᠷᠣᠨ᠂ ᠬᠥᠮᠦᠰ᠎ᠲᠦ᠎ᠲᠦᠷ ᠴᠠᠭ ᠪᠥᠭᠡᠮ ᠬᠦᠴᠢᠯ ᠤ᠋ᠨ ᠪᠠᠢᠴᠠᠭᠠᠯᠲᠠ ᠬᠢᠬᠦ᠌ ᠥᠬᠡᠶ ᠭᠡᠵᠦ ᠲᠤᠭᠲᠠᠪᠠ᠃ ᠲᠣᠰ ᠤᠳᠠᠭᠠᠨ ᠤ᠋ ᠭᠤᠤᠯᠳᠠᠯᠭ᠎ᠠ᠎ᠲᠠᠶ ᠣᠷᠣᠨ ᠤ᠋ ᠪᠥᠭᠡᠮ ᠬᠦᠴᠢᠯ ᠤ᠋ᠨ ᠪᠠᠢᠴᠠᠭᠠᠯᠲᠠ᠎ᠵᠢᠨ ᠬᠠᠷᠠᠯᠲᠠ ᠨᠢ 22.5 ᠲᠦᠮᠡᠨ ᠬᠥᠮᠦᠨ ᠪᠤᠯᠤᠨ᠎ᠠ᠃ ᠬᠥᠬᠡᠬᠣᠲᠠ᠎ᠵᠢᠨ ᠬᠢᠨ ᠪᠥᠭᠡᠮ ᠬᠦᠴᠢᠯ ᠤ᠋ᠨ ᠪᠠᠢᠴᠠᠭᠠᠯᠲᠠ ᠶ᠋ᠢᠨ ᠦᠷ᠎ᠡ ᠳ᠋ᠦᠩ ᠢ᠋ ᠦᠨᠳᠦᠰᠦᠯᠡᠨ᠂ ᠲᠠᠷᠠᠭᠠᠴᠢ ᠶ᠋ᠢᠨ ᠪᠥᠭᠡᠮ ᠬᠦᠴᠢᠯ ᠤ᠋ᠨ ᠪᠠᠢᠴᠠᠭᠠᠯᠲᠠ ᠶ᠋ᠢᠨ ᠬᠡᠪᠴᠢᠶ᠎ᠡ᠎ᠳᠦ ᠦᠷᠭᠦᠯᠵᠢᠯᠡᠨ ᠬᠥᠳᠡᠯᠦᠩᠭᠦᠶ ᠲᠣᠬᠢᠷᠠᠭᠤᠯᠤᠯᠲᠠ ᠬᠢᠬᠥ ᠪᠤᠯᠤᠨ᠎ᠠ᠃

3 ᠰᠠᠷ᠎ᠠ ᠶ᠋ᠢᠨ 5 ᠤ᠋ ᠡᠳᠦᠷ᠂ ᠬᠥᠬᠡᠬᠣᠲᠠ ᠶ᠋ᠢᠨ ᠳᠤᠮᠳᠠ ᠵᠡᠷᠭᠡ ᠶ᠋ᠢᠨ ᠲᠦᠭ᠌ᠰᠢᠭᠦᠷᠢ᠎ᠲᠡᠶ 23 ᠭᠠᠵᠠᠷ ᠣᠷᠣᠨ ᠢ᠋ ᠳᠤᠤᠷ᠎ᠠ ᠲᠦᠭ᠌ᠰᠢᠭᠦᠷᠢ᠎ᠲᠡᠶ ᠭᠠᠵᠠᠷ ᠣᠷᠣᠨ ᠪᠣᠯᠭᠠᠨ ᠲᠤᠬᠢᠷᠠᠭᠤᠯᠪᠠ᠃ ᠡᠭᠦᠨ᠎ᠳᠦ ᠱᠢᠨ᠎ᠡ ᠬᠣᠲᠠ ᠲᠣᠭᠣᠷᠢᠭ ᠲᠤ᠌ ᠳ᠋ᠦᠩ ᠹᠧᠩ ᠵᠠᠮ ᠤ᠋ᠨ ᠬᠡᠷᠡᠭ ᠡᠷᠬᠢᠯᠡᠬᠦ᠌ ᠭᠠᠵᠠᠷ ᠤ᠋ᠨ ᠹᠠᠩ ᠲᠢᠩ ᠬᠤᠸᠠ ᠶᠤᠸᠠᠨ ᠨᠡᠢᠭᠡᠮ ᠲᠣᠭᠣᠷᠢᠭ ᠵᠡᠷᠭᠡ 7 ᠨᠡᠢᠭᠡᠮ ᠲᠣᠭᠣᠷᠢᠭ ᠬᠣᠯᠪᠣᠭ᠍ᠳᠠᠵᠤ᠂ ᠬᠣᠲᠣᠩ ᠠᠷᠠᠳ ᠤ᠋ᠨ ᠲᠣᠭᠣᠷᠢᠭ ᠲᠤ᠌ ᠶᠥᠮ ᠤ᠋ᠨ ᠪᠠᠢᠰᠢᠡᠭ ᠪᠠᠯᠭᠠᠰᠤ ᠶ᠋ᠢᠨ ᠶᠥᠮ ᠤ᠋ᠨ ᠪᠠᠢᠰᠢᠡᠭ ᠲᠣᠰᠭᠣᠨ ᠵᠡᠷᠭᠡ 3 ᠲᠣᠰᠭᠣᠨ ᠬᠣᠯᠪᠣᠭ᠍ᠳᠠᠵᠤ᠂ ᠢᠦᠢᠴᠢᠤᠸᠠᠨ ᠲᠣᠭᠣᠷᠢᠭ ᠲᠤ᠌ ᠪᠠᠭ᠎ᠠ᠎ᠲᠦᠷᠭᠡᠨ ᠭᠤᠤᠯ ᠪᠠᠯᠭᠠᠰᠤ ᠶ᠋ᠢᠨ ᠱᠢᠶᠠᠩ ᠾᠧ ᠶᠤᠸᠠᠨ ᠨᠡᠢᠭᠡᠮ ᠲᠣᠭᠣᠷᠢᠭ ᠵᠡᠷᠭᠡ 3 ᠨᠡᠢᠭᠡᠮ ᠲᠣᠭᠣᠷᠢᠭ ᠬᠣᠯᠪᠣᠭ᠍ᠳᠠᠵᠤ᠂ ᠰᠠᠢᠬᠠᠨ ᠲᠣᠭᠣᠷᠢᠭ ᠲᠤ᠌ ᠤᠯᠠᠭᠠᠨᠴᠠᠪ ᠵᠡᠭᠦᠨ ᠵᠠᠮ ᠤ᠋ᠨ ᠵᠡᠭᠡᠯᠢ ᠭᠤᠳᠤᠮᠵᠢ ᠶ᠋ᠢᠨ ᠴᠠᠩ ᠯᠧ ᠭᠦᠩ ᠨᠡᠢᠭᠡᠮ ᠲᠣᠭᠣᠷᠢᠭ ᠵᠡᠷᠭᠡ 6 ᠨᠡᠢᠭᠡᠮ ᠲᠣᠭᠣᠷᠢᠭ ᠬᠣᠯᠪᠣᠭ᠍ᠳᠠᠵᠤ᠂ ᠲᠦᠮᠡᠳ ᠵᠡᠭᠦᠨ ᠬᠣᠱᠢᠭᠤᠨ ᠎ᠳᠤ ᠴᠠᠭᠠᠨ ᠰᠦᠮ᠎ᠡ ᠪᠠᠯᠭᠠᠰᠤ ᠶ᠋ᠢᠨ᠎ᠬᠦᠭᠡ ᠬᠦᠷᠢᠶ᠎ᠡ ᠱᠢᠨ᠎ᠡ ᠲᠣᠰᠭᠣᠨ ᠵᠡᠷᠭᠡ 3 ᠲᠣᠰᠭᠣᠨ ᠬᠣᠯᠪᠣᠭ᠍ᠳᠠᠵᠤ᠂ ᠦᠴᠦᠸᠠᠨ ᠱᠢᠶᠠᠨ᠎ᠳᠤ ᠬᠥᠬᠡ ᠡᠷᠬᠢ ᠪᠠᠯᠭᠠᠰᠤ ᠶ᠋ᠢᠨ ᠪᠢᠨ ᠾᠧ ᠨᠡᠢᠭᠡᠮ ᠲᠣᠭᠣᠷᠢᠭ ᠬᠣᠯᠪᠣᠭ᠍ᠳᠠᠵᠠᠢ᠃

ᠣᠳᠣᠬᠠᠨ ᠳ᠋ᠦ᠂ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠶ᠋ᠢᠨ ᠲᠣᠭᠣᠷᠢᠨ ᠳ᠋ᠦ ᠮᠥᠨ ᠬᠦ᠌ ᠵᠢᠷᠭᠤᠭᠠᠨ ᠲᠠᠯ᠎ᠠ ᠵᠢ ᠦᠷᠭᠦᠯᠵᠢᠯᠡᠨ ᠰᠠᠢᠲᠤᠷ ᠬᠢᠨ᠎ᠡ᠄ ᠨᠢᠭᠡ᠎ᠳᠦ᠂ ᠭᠤᠤᠯᠳᠠᠯᠭ᠎ᠠ᠎ᠲᠠᠶ ᠣᠷᠣᠨ ᠤ᠋ ᠬᠥᠮᠦᠰ ᠤ᠋ᠨ ᠪᠥᠭᠡᠮ ᠬᠦᠴᠢᠯ ᠤ᠋ᠨ ᠪᠠᠢᠴᠠᠭᠠᠯᠲᠠ᠎ᠶ᠋ᠢ ᠦᠷᠭᠦᠯᠵᠢᠯᠡᠨ ᠰᠠᠢᠲᠤᠷ ᠬᠢᠵᠦ᠍᠂ 《ᠱᠢᠷ᠎ᠠ ᠺᠣᠳ᠋ ᠣᠯᠭᠣᠬᠤ》᠂ 《ᠬᠠᠮᠢᠶᠠᠷᠤᠨ ᠡᠵᠡᠮᠳᠡᠬᠦ᠌᠎ᠶ᠋ᠢ ᠴᠢᠩᠭᠠᠳᠭᠠᠬᠤ》 ᠂ 《 ᠴᠢᠩᠭ᠎ᠠ ᠬᠢᠨᠠᠨ ᠵᠢᠯᠣᠭᠣᠳᠭᠤ》ᠪᠠᠷ ᠳᠠᠮᠵᠢᠭᠤᠯᠤᠨ ᠪᠠᠢᠴᠠᠭᠠᠯᠲᠠ ᠬᠢᠭ᠌ᠰᠡᠨ ᠥᠬᠡᠶ ᠬᠥᠮᠦᠰ ᠢ᠋ ᠭᠡᠳᠡᠷᠭᠦ᠌ ᠱᠢᠬᠠᠮᠳᠠᠭᠤᠯᠵᠤ ᠪᠠᠢᠭᠠᠳ ᠪᠠᠢᠴᠠᠭᠠᠯᠲᠠ ᠬᠢᠯᠭᠡᠵᠦ᠍᠂ ᠪᠠᠢᠴᠠᠭᠠᠯᠲᠠ ᠬᠢᠬᠦ᠌ ᠶᠣᠰᠣᠲᠠᠶ᠎ᠶ᠋ᠢ᠎ᠨᠢ ᠪᠦᠬᠦᠨ ᠢ᠋ ᠪᠠᠢᠴᠠᠭᠠᠵᠤ᠂ ᠦᠷ᠎ᠡ ᠪᠦᠲᠦᠮᠵᠢ᠎ᠶ᠋ᠢ ᠲᠦᠷᠭᠡᠨ ᠳᠡᠭᠡᠭ᠌ᠰᠢᠯᠡᠭᠦᠯᠬᠦ᠌᠎ᠶ᠋ᠢ ᠦᠨᠡᠨ ᠬᠦ᠌ ᠪᠠᠲᠤᠯᠠᠨ᠎ᠠ; ᠬᠣᠶᠠᠷ᠎ᠲᠤ᠂ ᠲᠠᠬᠤᠯ ᠡᠪᠡᠳᠴᠢᠨ ᠤ᠋ ᠪᠠᠢᠴᠠᠭᠠᠯᠲᠠ᠎ᠵᠢᠨ ᠡᠬᠢ ᠰᠤᠷᠪᠤᠯᠵᠢ᠎ᠵᠢ ᠨᠢ ᠮᠦᠷᠳᠡᠬᠦ᠎ᠶ᠋ᠢ ᠦᠷᠭᠦᠯᠵᠢᠯᠡᠨ ᠠᠬᠢᠭᠤᠯᠵᠤ᠂ 《ᠲᠦᠷᠭᠡᠨ᠎ᠪᠠᠢᠬᠤ᠎ᠡᠴᠡ ᠪᠢᠰᠢ ᠤᠳᠠᠭᠠᠨ ᠪᠠᠢᠵᠤ ᠪᠣᠯᠬᠤ ᠥᠬᠡᠶ》 ᠵᠠᠷᠴᠢᠮ ᠶᠣᠰᠣᠭᠠᠷ᠂ ᠱᠢᠨ᠎ᠡ᠎ᠪᠡᠷ ᠨᠡᠮᠡᠭ᠌ᠳᠡᠭ᠌ᠰᠡᠨ ᠡᠪᠡᠳᠴᠢᠨ᠎ᠦ ᠵᠢᠱ᠌ᠢᠶ᠎ᠡ᠎ᠳᠦ《ᠤᠷᠢᠳ ᠵᠢᠡᠷ ᠬᠠᠮᠢᠶᠠᠷᠴᠤ᠌ ᠳᠠᠷᠠᠭ᠎ᠠ᠎ᠨᠢ ᠲᠣᠬᠢᠷᠠᠭᠤᠯᠵᠤ᠂ ᠬᠠᠮᠢᠶᠠᠷᠴᠤ᠌ ᠲᠣᠬᠢᠷᠠᠭᠤᠯᠬᠤ᠎ᠶ᠋ᠢ ᠵᠡᠷᠭᠡ᠎ᠪᠡᠷ ᠬᠢᠬᠦ᠌ 》 ᠶ᠋ᠢ ᠪᠡᠶᠡᠯᠡᠭᠦᠯᠵᠦ᠍ ᠂ ᠡᠪᠡᠳᠴᠢᠨ᠎ᠦ ᠵᠢᠱ᠌ᠢᠶ᠎ᠡ ᠶ᠋ᠢᠨ ᠠᠵᠢᠯᠯᠠᠭᠠᠨ ᠤ᠋ ᠵᠠᠮ ᠮᠥᠷ᠂ ᠬᠥᠮᠦᠰ ᠤ᠋ᠨ ᠤᠢᠷᠠᠳᠬᠤ ᠬᠡᠪᠴᠢᠶ᠎ᠡ᠎ᠶ᠋ᠢ ᠣᠨᠣᠪᠴᠢᠲᠠᠶ ᠲᠣᠭ᠍ᠲᠠᠭᠠᠵᠤ᠂ ᠠᠵᠢᠯᠯᠠᠭᠠᠨ ᠤ᠋ ᠵᠠᠮ ᠮᠥᠷ ᠢ᠋ ᠴᠠᠭ ᠲᠤᠬᠠᠶ ᠳ᠋ᠤᠨᠢ ᠨᠡᠢᠲᠡᠯᠡᠵᠦ᠍᠂ ᠬᠠᠮᠢᠶᠠᠷᠤᠯᠲᠠ ᠡᠵᠡᠮᠳᠡᠯ ᠢ᠋ ᠣᠨᠣᠪᠴᠢᠲᠠᠶ ᠬᠡᠷᠡᠭ᠌ᠵᠢᠭᠦᠯᠦᠨ᠎ᠡ; ᠭᠤᠷᠪᠠ ᠳ᠋ᠦ᠂ ᠲᠤᠰᠠᠭᠠᠷᠯᠠᠬᠤ ᠪᠠᠭᠤᠳᠠᠯ ᠤ᠋ᠨ ᠬᠠᠮᠢᠶᠠᠷᠤᠯᠲᠠ᠎ᠶ᠋ᠢ ᠦᠷᠭᠦᠯᠵᠢᠯᠡᠨ ᠴᠢᠩᠭᠠᠳᠭᠠᠵᠤ᠂ ᠠᠵᠢᠯᠲᠠᠨ ᠢ᠋ ᠵᠦᠶ ᠵᠣᠬᠢᠰᠲᠠᠶ ᠲᠣᠬᠢᠷᠠᠭᠤᠯᠤᠨ᠂ ᠬᠠᠮᠢᠶᠠᠷᠤᠯᠲᠠ ᠶ᠋ᠢᠨ ᠪᠠᠷᠢᠮᠵᠢᠶ᠎ᠠ᠎ᠶ᠋ᠢ ᠴᠢᠩᠳᠠᠯᠠᠵᠤ᠂ ᠰᠣᠯᠪᠢᠴᠠᠨ ᠬᠠᠯᠳᠠᠪᠤᠷᠢᠯᠠᠬᠤ᠎ᠶ᠋ᠢ ᠡᠷᠡᠰ ᠬᠣᠷᠢᠭ᠍ᠯᠠᠨ᠎ᠠ ; ᠳᠥᠷᠪᠡ᠎ᠳᠦ ᠂ ᠪᠢᠲᠡᠭᠦᠮᠵᠢᠯᠡᠨ ᠡᠵᠡᠮᠳᠡᠬᠦ᠌ ᠣᠷᠣᠨ᠂ ᠬᠠᠮᠢᠶᠠᠷᠤᠨ ᠡᠵᠡᠮᠳᠡᠬᠦ᠌ ᠣᠷᠣᠨ᠂ ᠰᠡᠷᠭᠡᠢᠯᠡᠬᠦ᠌ ᠣᠷᠣᠨ ᠢ᠋ ᠲᠣᠭᠣᠷᠢᠭ ᠬᠤᠪᠢᠶᠠᠨ ᠲᠥᠷᠥᠯ ᠬᠤᠪᠢᠶᠠᠨ ᠬᠠᠮᠢᠶᠠᠷᠬᠤ᠎ᠶ᠋ᠢ ᠦᠷᠭᠦᠯᠵᠢᠯᠡᠨ ᠴᠢᠩᠭᠠᠳᠭᠠᠬᠤ ᠶ᠋ᠢᠨ ᠬᠠᠮᠲᠤ᠂ ᠲᠤᠰᠠᠭᠠᠷᠯᠠᠵᠤ ᠪᠠᠢᠭ᠎ᠠ ᠬᠥᠮᠦᠰ ᠤ᠋ᠨ ᠲᠤᠰᠠᠭᠠᠷᠯᠠᠯ ᠢ᠋ ᠬᠦᠴᠦᠨ ᠦᠭᠡᠢ ᠪᠤᠯᠭᠠᠬᠤ᠂ ᠬᠤᠷᠢᠭ᠎ᠠ ᠲᠠᠢᠯᠬᠤ ᠨᠥᠬᠥᠴᠡᠯ᠎ᠳᠦ ᠨᠡᠢᠴᠡᠭ᠌ᠰᠡᠨ ᠪᠢᠲᠡᠭᠦᠮᠵᠢᠯᠡᠨ ᠡᠵᠡᠮᠳᠡᠵᠦ᠂ ᠬᠠᠮᠢᠶᠠᠷᠤᠨ ᠡᠵᠡᠮᠳᠡᠵᠦ ᠪᠠᠢᠭ᠎ᠠ ᠰᠠᠭᠤᠭᠠᠯᠢ ᠠᠷᠠᠤᠨ ᠎ᠤᠨ ᠲᠣᠭᠣᠷᠢᠭ ᠢ᠋ ᠡᠮᠬᠢ ᠵᠢᠷᠤᠮ᠎ᠲᠠᠶ᠎ᠪᠠᠷ ᠬᠤᠷᠢᠭ᠎ᠠ᠎ᠡᠴᠨ ᠨᠢ ᠲᠠᠢᠯᠬᠤ᠂ ᠤᠯᠠᠭᠠᠨ ᠺᠣᠳ᠋ ᠪᠠ ᠱᠢᠷ᠎ᠠ ᠺᠣᠳ᠋ ᠢ᠋ ᠬᠤᠪᠢᠷᠠᠭᠤᠯᠤᠨ ᠨᠣᠭᠣᠭᠠᠨ ᠺᠣᠳ᠋ ᠪᠣᠯᠭᠠᠬᠤ 《ᠬᠣᠶᠠᠷ ᠢ᠋ ᠲᠠᠢᠯᠵᠤ ᠨᠢᠭᠡ᠎ᠶ᠋ᠢ ᠬᠤᠪᠢᠷᠠᠭᠤᠯᠬᠤ》 ᠠᠵᠢᠯ ᠢ᠋ ᠵᠡᠷᠭᠡ᠎ᠳᠦᠨᠢ ᠰᠠᠢᠲᠤᠷ ᠬᠢᠨ᠎ᠠ; ᠲᠠᠪᠤ ᠳ᠋ᠦ᠂ ᠬᠥᠮᠦᠰ ᠤ᠋ᠨ ᠠᠵᠢᠯᠯᠠᠭᠠᠨ᠎ᠢ ᠬᠠᠮᠢᠶᠠᠷᠤᠨ ᠡᠵᠡᠮᠳᠡᠬᠦ᠌ ᠲᠥᠷᠥ ᠶ᠋ᠢᠨ ᠪᠣᠳᠣᠯᠭ᠎ᠠ᠎ᠶ᠋ᠢ ᠦᠷᠭᠦᠯᠵᠢᠯᠡᠨ ᠴᠢᠩᠳᠠᠯᠠᠵᠤ᠂ ᠪᠣᠶ ᠪᠥᠬᠥᠶ ᠬᠤᠳᠠᠯᠳᠤᠭᠠᠨ ᠤ᠋ ᠲᠠᠯᠠᠪᠤᠷ᠂ ᠬᠡᠲᠦ ᠳᠡᠯᠭᠡᠭᠦᠷ᠂ ᠲᠠᠷᠢᠶᠠᠯᠠᠩ ᠤ᠋ᠨ ᠪᠦᠲᠦᠭᠡᠭ᠌ᠳᠡᠬᠦᠨ᠎ᠦ ᠠᠷᠠᠯᠵᠢᠶᠠᠨ ᠤ᠋ ᠵᠠᠬ᠎ᠠ ᠳᠡᠯᠭᠡᠭᠦᠷ᠂ ᠵᠣᠴᠢᠳ ᠤ᠋ᠨ ᠪᠠᠭᠤᠳᠠᠯ᠂ ᠬᠣᠭᠣᠯᠠᠨ ᠬᠡᠷ ᠂ ᠡᠮᠨᠡᠯᠭᠡ ᠶ᠋ᠢᠨ ᠬᠣᠷᠢᠶ᠎ᠠ᠂ ᠡᠮ ᠤ᠋ᠨ ᠳᠡᠯᠭᠡᠭᠦᠷ ᠵᠡᠷᠭᠡ ᠣᠯᠠᠨ ᠨᠡᠢᠲᠡ ᠶ᠋ᠢᠨ ᠲᠠᠯᠠᠪᠤᠷ᠎ᠲᠤ ᠡᠳᠦᠷ ᠲᠤᠲᠤᠮ ᠤ᠋ᠨ ᠠᠷᠢᠭᠤᠳᠭᠠᠵᠤ ᠰᠠᠯᠬᠢ ᠨᠡᠪᠲᠡᠷᠡᠭᠦᠯᠬᠦ᠌᠂ ᠪᠡᠶ᠎ᠡ ᠶ᠋ᠢᠨ ᠬᠠᠯᠠᠭᠤᠨ ᠢ᠋ ᠪᠠᠢᠴᠠᠭᠠᠨ ᠬᠡᠮᠵᠢᠬᠦ᠌ ᠂ ᠠᠮᠠᠪᠴᠢ ᠵᠡᠭᠦᠬᠦ᠌ ᠂ ᠡᠷᠡᠭᠦᠯ ᠮᠡᠨᠳᠦ᠍ ᠶ᠋ᠢᠨ ᠺᠣᠳ᠋ ᠢ᠋ ᠪᠠᠢᠴᠠᠭᠠᠨ ᠱᠢᠯᠭᠠᠬᠤ ᠵᠡᠷᠭᠡ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠴᠢᠩᠭ᠎ᠠ ᠨᠠᠢᠳᠠᠪᠤᠷᠢᠵᠢᠭᠤᠯᠤᠨ᠎ᠠ; ᠵᠢᠷᠭᠤᠭ᠎ᠠ ᠳ᠋ᠦ᠂ ᠡᠩ ᠤ᠋ᠨ ᠰᠠᠭᠤᠭᠠᠯᠢ ᠠᠷᠠᠳ ᠤ᠋ᠨ ᠲᠣᠭᠣᠷᠢᠭ᠎ᠲᠤ 《ᠳᠥᠷᠪᠡ᠎ᠶ᠋ᠢ ᠬᠤᠷᠢᠭᠯᠠᠬᠤ》 ᠲᠦᠷ ᠴᠠᠭ ᠤ᠋ᠨ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠦᠷᠭᠦᠯᠵᠢᠯᠡᠨ ᠬᠡᠷᠡᠭ᠌ᠵᠢᠭᠦᠯᠦᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面