2022-03-07 10:29:10
3 ᠰᠠᠷᠠ ᠵᠢᠨ 6 ᠤ᠋ ᠡᠳᠦᠷ᠂ ᠰᠤᠷᠪᠤᠯᠵᠢᠯᠠᠭ᠍ᠴᠢ ᠣᠷᠳᠣᠰ ᠬᠣᠲᠠ ᠵᠢᠨ ᠳ᠋ᠦᠩᠱᠧᠩ ᠲᠣᠭᠣᠷᠢᠭ ᠤ᠋ᠨ ᠠᠷᠠᠳ ᠤ᠋ᠨ ᠵᠠᠰᠠᠭ ᠤ᠋ᠨ ᠣᠷᠳᠣᠨ ᠤ᠋ ᠰᠣᠨᠢᠨ ᠮᠡᠳᠡᠭᠡ ᠨᠡᠢᠲᠡᠯᠡᠬᠦ᠌ ᠬᠤᠷᠠᠯᠠᠴᠠ ᠣᠢᠯᠠᠭᠠᠭ᠍ᠰᠠᠨ ᠵᠢᠡᠷ᠂ 3 ᠰᠠᠷᠠ ᠵᠢᠨ 5 ᠤ᠋ ᠡᠳᠦᠷ ᠤ᠋ᠨ 12 ᠴᠠᠭ 47 ᠮᠢᠨᠦ᠋ᠲᠲᠦ᠂ ᠳ᠋ᠦᠩᠱᠧᠩ ᠲᠣᠭᠣᠷᠢᠭ ᠪᠠᠢᠴᠠᠭᠠᠯᠲᠠ ᠬᠢᠬᠦ ᠶᠤᠰᠤᠲᠠᠢ ᠶ᠋ᠢ ᠨᠢ ᠪᠦᠬᠦᠨ ᠢ᠋ ᠪᠠᠢᠴᠠᠭᠠᠬᠤ ᠪᠥᠭᠡᠮ ᠬᠦᠴᠢᠯ ᠤ᠋ᠨ ᠪᠠᠢᠴᠠᠭᠠᠯᠲᠠ ᠬᠢᠭᠰᠡᠨᠳᠦ᠂ ᠮᠤᠵᠢ ᠵᠢᠨ ᠭᠠᠳᠠᠨᠠᠠᠴᠠ ᠪᠤᠴᠠᠵᠤ ᠢᠷᠡᠭ᠌ᠰᠡᠨ ᠳ᠋ᠦᠩ ᠣᠪᠣᠭ᠍ᠲᠤ ᠵᠢᠨ ᠪᠥᠭᠡᠮ ᠬᠦᠴᠢᠯ ᠤ᠋ᠨ ᠪᠠᠢᠴᠠᠭᠠᠯᠲᠠ ᠵᠢᠨ ᠳ᠋ᠦᠩᠨᠢ ᠠᠷᠭᠠ ᠴᠢᠨᠠᠷᠲᠠᠶ ᠪᠤᠯᠬᠤ ᠶ᠋ᠢ ᠢᠯᠡᠷᠡᠬᠦᠯᠵᠦ᠂ ᠬᠣᠲᠠ ᠵᠢᠨ ᠡᠪᠡᠳᠴᠢᠨ ᠡᠮᠭᠡᠭ ᠢ᠋ ᠰᠡᠷᠭᠡᠢᠯᠡᠨ ᠡᠵᠡᠮᠳᠡᠬᠦ᠌ ᠲᠥᠪ ᠤ᠋ᠨ ᠳᠠᠬᠢᠨ ᠪᠠᠢᠴᠠᠭᠠᠯᠳᠠ ᠪᠠ ᠲᠤᠰᠭᠠᠶ ᠮᠡᠷᠭᠡᠵᠢᠯᠲᠡᠨᠦ ᠳᠤᠭᠤᠢᠯᠠᠩ ᠤ᠋ᠨ ᠬᠠᠮᠲᠤᠷᠠᠨ ᠣᠨᠣᠱᠢᠯᠠᠯᠲᠠᠪᠠᠷ ᠳᠡᠮᠵᠢᠨ᠂ 21 ᠴᠠᠭ 20 ᠮᠢᠨᠦ᠋ᠲᠲᠦ ᠣᠨᠣᠱᠢᠯᠠᠭ᠍ᠳᠠᠭ᠍ᠰᠠᠨ ᠡᠪᠡᠳᠴᠢᠨᠦ ᠵᠢᠱ᠌ᠢᠶᠡ ᠪᠡᠷ ᠲᠤᠳᠤᠯᠠᠪᠠ᠃ 3 ᠰᠠᠷᠠ ᠵᠢᠨ 6 ᠤ᠋ ᠡᠳᠦᠷ ᠤ᠋ᠨ ᠥᠷᠯᠥᠭᠡ ᠵᠢᠨ 6 ᠴᠠᠭ 30 ᠮᠢᠨᠦ᠋ᠲᠲᠦ᠂ ᠳ᠋ᠦᠩ ᠣᠪᠣᠭ᠍ᠲᠤ ᠲᠠᠢ ᠨᠢᠭᠡ ᠲᠡᠷᠭᠡᠨᠳᠤ ᠬᠠᠮᠲᠤ ᠶᠠᠪᠤᠭᠰᠠᠨ ᠭᠦᠸᠧ ᠣᠪᠣᠭ᠍ᠲᠤ᠂ ᠯᠢᠦ ᠣᠪᠣᠭ᠍ᠲᠤ ᠳ᠋ᠤ ᠪᠥᠭᠡᠮ ᠬᠦᠴᠢᠯ ᠤ᠋ᠨ ᠪᠠᠢᠴᠠᠭᠠᠯᠲᠠ ᠬᠢᠬᠦ᠌ᠳᠦ᠂ ᠪᠠᠢᠴᠠᠭᠠᠯᠲᠠ ᠵᠢᠨ ᠳ᠋ᠦᠩᠨᠢ ᠠᠷᠭᠠ ᠴᠢᠨᠠᠷᠲᠠᠶ ᠪᠣᠯᠬᠤ ᠵᠢ ᠢᠯᠡᠷᠡᠬᠦᠯᠵᠦ᠂ ᠬᠣᠲᠠ ᠵᠢᠨ ᠡᠪᠡᠳᠴᠢᠨ ᠡᠮᠭᠡᠭ ᠢ᠋ ᠰᠡᠷᠭᠡᠢᠯᠡᠨ ᠡᠵᠡᠮᠳᠡᠬᠦ᠌ ᠲᠥᠪ ᠤ᠋ᠨ ᠳᠠᠬᠢᠨ ᠪᠠᠢᠴᠠᠭᠠᠯᠳᠠ ᠪᠠ ᠲᠤᠰᠭᠠᠶ ᠮᠡᠷᠭᠡᠵᠢᠯᠲᠡᠨᠦ ᠳᠤᠭᠤᠢᠯᠠᠩ ᠤ᠋ᠨ ᠬᠠᠮᠲᠤᠷᠠᠨ ᠣᠨᠣᠱᠢᠯᠠᠯᠲᠠᠪᠠᠷ ᠳᠡᠮᠵᠢᠨ᠂ ᠥᠷᠯᠥᠭᠡ ᠵᠢᠨ 9 ᠴᠠᠭ 20 ᠮᠢᠨᠦ᠋ᠲᠲᠦ ᠣᠨᠣᠱᠢᠯᠠᠭ᠍ᠳᠠᠭ᠍ᠰᠠᠨ ᠡᠪᠡᠳᠴᠢᠨᠦ ᠵᠢᠱ᠌ᠢᠶᠡ ᠪᠡᠷ ᠲᠤᠳᠤᠯᠠᠵᠠᠢ᠃ ᠣᠳᠣᠬᠠᠨ ᠳ᠋ᠤ᠂ 3 ᠤᠨᠤᠰᠢᠯᠠᠭᠳᠠᠭᠰᠠᠨ ᠡᠪᠡᠳᠴᠢᠨᠦ ᠵᠢᠱ᠌ᠢᠶᠡᠶ᠋ᠢ ᠴᠥᠮ ᠣᠷᠳᠣᠰ ᠬᠣᠲᠠ ᠵᠢᠨ ᠬᠣᠶᠠᠳᠤᠭᠠᠷ ᠡᠮᠨᠡᠯᠭᠡ ᠵᠢᠨ ᠬᠣᠷᠢᠶᠠ ᠳ᠋ᠤ ᠲᠤᠰᠠᠭᠠᠷᠯᠠᠨ ᠡᠮᠨᠡᠬᠦᠯᠵᠦ᠂ ᠡᠮᠴᠢᠯᠡᠭᠡᠨᠦ ᠣᠨᠣᠱᠢᠯᠠᠯᠲᠠ ᠨᠢ ᠴᠥᠮ ᠬᠥᠩᠭᠡᠨ ᠬᠡᠯᠪᠡᠷᠢ ᠵᠢᠨ ᠪᠠᠢᠵᠤ᠂ ᠡᠪᠡᠳᠴᠢᠨᠦ ᠪᠠᠢᠳᠠᠯ ᠨᠢ ᠲᠣᠭ᠍ᠲᠠᠭᠤᠨ ᠪᠠᠢᠨᠠ᠃
ᠬᠢᠵᠢᠭ ᠤ᠋ᠨ ᠪᠠᠢᠳᠠᠯ ᠭᠠᠷᠤᠭ᠍ᠰᠠᠨ ᠤ᠋ ᠳᠠᠷᠠᠭᠠ᠂ ᠣᠷᠳᠣᠰ ᠬᠣᠲᠠ ᠪᠣᠯᠤᠨ ᠳ᠋ᠦᠩᠱᠧᠩ ᠲᠣᠭᠣᠷᠢᠭ ᠬᠣᠶᠠᠷ ᠱᠠᠲᠤᠨ ᠤ᠋ ᠱᠢᠨᠡ ᠲᠢᠲᠢᠮᠯᠢᠭ ᠠᠭᠤᠰᠭᠢᠨ ᠦᠷᠪᠢᠰᠦᠯ ᠤ᠋ᠨ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠠᠵᠢᠯ ᠤᠨ ᠵᠢᠯᠣᠭᠣᠳᠭᠤ ᠭᠠᠵᠠᠷᠤᠨ ᠬᠢᠨ ᠪᠠᠴᠢᠮ ᠪᠠᠢᠳᠠᠯ ᠢ᠋ ᠠᠷᠭᠠᠴᠠᠭᠠᠬᠤ ᠪᠡᠯᠡᠳᠭᠡᠯ ᠲᠥᠰᠦᠯ ᠢ᠋ ᠳᠠᠷᠤᠢᠬᠠᠨ ᠡᠬᠢᠯᠡᠭᠦᠯᠵᠦ᠍᠂ ᠬᠠᠪᠲᠠᠭᠠᠢᠵᠢᠭᠤᠯᠤᠭ᠍ᠰᠠᠨ ᠬᠠᠮᠢᠶᠠᠷᠤᠯᠲᠠ ᠵᠢᠨ ᠠᠵᠢᠯ ᠤ᠋ᠨ ᠱᠠᠭᠠᠷᠳᠠᠯᠭᠠ ᠶᠣᠰᠣᠭᠠᠷ᠂ ᠲᠠᠬᠤᠯ ᠡᠪᠡᠳᠴᠢᠨᠦ ᠪᠠᠢᠴᠠᠭᠠᠯᠲᠠ᠂ ᠨᠢᠭ᠍ᠲᠠ ᠤᠢᠷᠠᠲᠤᠭᠴᠢ ᠬᠦᠮᠦᠰ ᠢ᠋ ᠵᠢᠭ᠍ᠰᠠᠭᠠᠨ ᠪᠠᠢᠴᠠᠭᠠᠬᠤ᠂ ᠪᠥᠭᠡᠮ ᠬᠦᠴᠢᠯ ᠤ᠋ᠨ ᠪᠠᠢᠴᠠᠭᠠᠯᠲᠠ᠂ ᠣᠷᠣᠨ ᠪᠦᠰᠡ ᠵᠢᠨ ᠬᠠᠮᠢᠶᠠᠷᠤᠨ ᠡᠵᠡᠮᠳᠡᠬᠦ᠌ ᠵᠢᠴᠢ ᠠᠷᠢᠭᠤᠳᠭᠠᠬᠤ ᠵᠡᠷᠭᠡ ᠠᠵᠢᠯ ᠢ᠋ ᠦᠳᠲᠡᠷ ᠲᠦᠷᠭᠡᠨ ᠥᠷᠨᠢᠭᠦᠯᠪᠡ᠃
ᠬᠣᠲᠠ ᠲᠣᠭᠣᠷᠢᠭ ᠬᠣᠶᠠᠷ ᠱᠠᠲᠤᠨ ᠤ᠋ ᠳᠣᠲᠣᠭᠠᠳᠤᠶ᠋ᠢ ᠬᠠᠮᠠᠭᠠᠯᠠᠬᠤ ᠲᠤᠪᠴᠢᠶᠡ᠂ ᠡᠪᠡᠳᠴᠢᠨ ᠡᠮᠭᠡᠭ ᠢ᠋ ᠰᠡᠷᠭᠡᠢᠯᠡᠨ ᠡᠵᠡᠮᠳᠡᠬᠦ᠌ ᠲᠥᠪ᠂ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠂ ᠣᠯᠠᠨ ᠨᠡᠢᠲᠡ ᠵᠢᠨ ᠡᠷᠡᠭᠦᠯ ᠬᠠᠮᠠᠭᠠᠯᠠᠯ ᠵᠡᠷᠭᠡ ᠰᠠᠯᠠᠭᠠ ᠮᠥᠴᠢᠷ ᠤ᠋ᠨ 252 ᠬᠥᠮᠦᠨ ᠵᠢᠠᠷ ᠪᠦᠷᠢᠯᠳᠦᠭᠰᠡᠨ 63 ᠰᠠᠯᠠᠭᠠ ᠰᠢᠯᠵᠢᠮᠡᠯ ᠪᠠᠢᠴᠠᠭᠠᠯᠲᠠ ᠵᠢᠨ ᠡᠩᠨᠡᠭᠡᠶ᠋ᠢ ᠵᠣᠬᠢᠶᠠᠨ ᠪᠠᠢᠭᠤᠯᠵᠤ᠂ ᠣᠯᠠᠨ ᠨᠡᠢᠲᠡ ᠵᠢᠨ ᠡᠷᠡᠭᠦᠯ ᠬᠠᠮᠠᠭᠠᠯᠠᠯ ᠪᠠ ᠲᠣᠮᠣ ᠳ᠋ᠠᠢᠲ᠋ᠠ ᠵᠢᠨ ᠮᠡᠷᠭᠡᠵᠢᠯ ᠤ᠋ᠨ ᠠᠷᠭᠠ ᠪᠠᠷᠢᠯ ᠢ᠋ ᠶᠡᠷᠦᠩᠬᠡᠢᠯᠡᠨ ᠬᠡᠷᠡᠭ᠌ᠯᠡᠵᠦ᠍᠂ ᠣᠨᠣᠱᠢᠯᠠᠭ᠍ᠳᠠᠭᠰᠠᠨ ᠡᠪᠡᠳᠴᠢᠨᠦ ᠵᠢᠱ᠌ᠢᠶᠡᠳᠦ ᠲᠡᠷᠡ ᠳᠠᠷᠤᠢᠳᠦᠨᠢ ᠲᠠᠬᠤᠯ ᠡᠪᠡᠳᠴᠢᠨᠦ ᠪᠠᠢᠴᠠᠭᠠᠯᠲᠠ ᠵᠢᠨ ᠠᠵᠢᠯ ᠥᠷᠨᠢᠭᠦᠯᠵᠦ᠍᠂ ᠣᠳᠣᠬᠠᠨ ᠳ᠋ᠤ ᠨᠢᠭᠡᠨᠲᠡ ᠵᠢᠭ᠍ᠰᠠᠭᠠᠨ ᠪᠠᠢᠴᠠᠭᠠᠵᠤ ᠭᠠᠷᠭᠠᠭ᠍ᠰᠠᠨ ᠨᠢᠭ᠍ᠲᠠ ᠣᠢᠷᠠᠲᠤᠭᠴᠢ ᠪᠤᠯᠤᠨ ᠲᠠᠮ ᠣᠢᠷᠠᠲᠤᠭ᠍ᠴᠢ ᠵᠢ ᠪᠦᠬᠦᠨ ᠢ᠋ ᠲᠤᠰᠠᠭᠠᠷᠯᠠᠨ ᠬᠠᠮᠢᠶᠠᠷᠤᠨ ᠡᠵᠡᠮᠳᠡᠵᠦ᠍᠂ ᠨᠡᠢᠲᠡ 564 ᠬᠥᠮᠦᠨ᠂ ᠲᠡᠷᠭᠡ ᠬᠥᠰᠭᠡ᠂ ᠣᠷᠴᠢᠨ ᠲᠣᠭᠣᠷᠢᠨ ᠤ᠋ ᠥᠯᠢᠭᠡᠷ ᠢ᠋ ᠱᠢᠯᠭᠠᠨ ᠪᠠᠢᠴᠠᠭᠠᠵᠤ᠂ ᠪᠠᠢᠴᠠᠭᠠᠯᠲᠠ ᠵᠢᠨ ᠳ᠋ᠦᠩᠨᠢ ᠴᠥᠮ ᠪᠢᠯᠢᠭ ᠴᠢᠨᠠᠷᠲᠠᠶ ᠪᠠᠢᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨᠠ
ᠣᠷᠴᠢᠭᠤᠯᠤᠭ᠍ᠴᠢ᠄




ᠰᠢᠭᠦᠮᠵᠢ ᠠᠯᠠᠭᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃