2022-03-08 10:05:52
ᠬᠥᠬᠡᠬᠣᠲᠠ᠎ᠳᠦ ᠲᠤᠬᠠᠶ᠎ᠶ᠋ᠢᠨ ᠭᠠᠵᠠᠷ᠎ᠤᠨ ᠤᠨᠤᠰᠢᠯᠠᠭᠳᠠᠭᠰᠠᠨ ᠡᠪᠡᠳᠴᠢᠨ᠎ᠦ ᠵᠢᠱ᠌ᠢᠶ᠎ᠡ 3 ᠨᠡᠮᠡᠭ᠌ᠳᠡᠵᠦ᠍ 35 ᠡᠪᠡᠳᠴᠢᠨ᠎ᠦ ᠵᠢᠱ᠌ᠢᠶ᠎ᠡ ᠡᠳᠡᠭᠡᠷᠡᠨ ᠡᠮᠨᠡᠯᠭᠡ᠎ᠡᠴᠡ ᠭᠠᠷᠪᠡ
ᠬᠦᠬᠡᠬᠤᠳᠠ ᠵᠢᠨ ᠡᠷᠡᠬᠦᠯ ᠬᠠᠮᠠᠭᠠᠯᠠᠯ ᠡᠷᠡᠬᠦᠯ ᠮᠡᠨᠳᠦ ᠵᠢᠨ ᠵᠦᠪᠯᠡᠯ ᠡᠴᠨ ᠤᠢᠯᠠᠭᠠᠬᠰᠠᠨ ᠵᠢᠡᠷ᠂ 3 ᠰᠠᠷ᠎ᠠ᠎ᠶ᠋ᠢᠨ 6 ᠤ᠋ ᠡᠳᠦᠷ᠎ᠦᠨ 0 ᠴᠠᠬ ᠡᠴᠨ 24 ᠴᠠᠭ ᠪᠣᠯᠲᠠᠯ᠎ᠠ᠂ ᠬᠥᠬᠡᠬᠣᠲᠠ ᠰᠢᠨ᠎ᠡ ᠪᠡᠷ ᠨᠡᠮᠡᠭᠳᠡᠭᠰᠡᠨ ᠲᠤᠬᠠᠢ ᠵᠢᠨ ᠭᠠᠵᠠᠷ ᠤ᠋ᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤ᠋ᠨ ᠤᠨᠤᠰᠢᠯᠠᠭᠳᠠᠭᠰᠠᠨ ᠡᠪᠡᠳᠴᠢᠨ᠎ᠦ ᠵᠢᠱ᠌ᠢᠶ᠎ᠡ ᠵᠢ 3 (ᠲᠦᠮᠡᠳ ᠵᠡᠬᠦᠨ ᠬᠤᠰᠢᠭᠤᠨ ᠳ᠋ᠤ 1᠂ ᠰᠢᠨ᠎ᠡ ᠬᠤᠳᠠ ᠲᠤᠭᠤᠷᠢᠬ ᠲᠦ᠍ 2) ᠮᠡᠳᠡᠬᠦᠯᠪᠡ᠃ 2022 ᠤᠨ ᠤ᠋ 3 ᠰᠠᠷ᠎ᠠ ᠵᠢᠨ 6 ᠤ᠋ ᠡᠳᠦᠷ ᠤ᠋ᠨ 24 ᠴᠠᠬ ᠪᠤᠯᠳᠠᠯ᠎ᠠ᠂ ᠲᠣᠰ ᠡᠭᠡᠯᠵᠢ᠎ᠶ᠋ᠢᠨ ᠬᠢᠵᠢᠭ᠎ᠦᠨ ᠪᠠᠢᠳᠠᠯ᠎ᠳᠤ ᠬᠥᠬᠡᠬᠣᠲᠠ ᠲᠤᠬᠠᠶ᠎ᠶ᠋ᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠤᠨᠤᠰᠢᠯᠠᠭᠳᠠᠭᠰᠠᠨ ᠡᠪᠡᠳᠴᠢᠨ᠎ᠦ ᠵᠢᠱ᠌ᠢᠶ᠎ᠡ᠎ᠶ᠋ᠢ ᠨᠡᠢᠲᠡ 418 ᠮᠡᠳᠡᠭᠦᠯᠪᠡ᠃ ᠱᠢᠨ᠎ᠡ᠎ᠪᠡᠷ ᠨᠡᠮᠡᠭ᠌ᠳᠡᠭ᠌ᠰᠡᠨ ᠤᠨᠤᠰᠢᠯᠠᠭᠳᠠᠭᠰᠠᠨ ᠡᠪᠡᠳᠴᠢᠨ᠎ᠦ ᠵᠢᠱ᠌ᠢᠶ᠎ᠡ ᠨᠢ ᠪᠦᠬᠦᠨ᠎ᠢᠶᠡᠷ᠎ᠢᠶᠡᠨ ᠲᠤᠰᠠᠭᠠᠷᠯᠠᠭᠰᠠᠨ ᠴᠡᠭ ᠪᠠ ᠪᠢᠲᠡᠭᠦᠮᠵᠢᠯᠡᠨ ᠡᠵᠡᠮᠳᠡᠵᠦ ᠪᠠᠢᠭ᠎ᠠ ᠬᠦᠮᠦᠰ ᠡᠴᠨ ᠢᠷᠡᠯᠲᠡ᠎ᠲᠡᠶ᠂ ᠡᠭᠦᠨ᠎ᠳᠦ ᠲᠤᠰᠠᠭᠠᠷᠯᠠᠭᠰᠠᠨ ᠴᠡᠭ ᠲᠡᠬᠢ ᠨᠢᠭ᠍ᠲᠠ ᠤᠢᠷᠠᠳᠤᠬᠴᠢ᠂ ᠲᠠᠮ ᠤᠢᠷᠠᠳᠤᠬᠴᠢ 2 ᠬᠦᠮᠦᠨ᠂ ᠪᠢᠲᠡᠭᠦᠮᠵᠢᠯᠡᠨ ᠡᠵᠡᠮᠳᠡᠵᠦ ᠪᠠᠢᠭ᠎ᠠ ᠬᠦᠮᠦᠨ 1 ᠪᠣᠶ᠃
ᠢᠳᠡᠪᠬᠢᠲᠡᠶ ᠡᠮᠨᠡᠨ ᠵᠠᠰᠠᠬᠤ ᠪᠠᠷ ᠲᠠᠮᠵᠢᠵᠦ᠂ 3 ᠰᠠᠷ᠎ᠠ᠎ᠶ᠋ᠢᠨ 6 ᠤ᠋ ᠡᠳᠦᠷ ᠪᠠᠰᠠ 35 ᠡᠪᠡᠳᠴᠢᠲᠡᠨ ᠡᠮᠨᠡᠯᠭᠡ᠎ᠡᠴᠡ ᠭᠠᠷᠴᠤ᠌᠂ ᠣᠲᠣ ᠪᠣᠯᠲᠠᠯ᠎ᠠ ᠨᠡᠢᠲᠡ 225 ᠡᠪᠡᠳᠴᠢᠲᠡᠨ ᠵᠠᠯᠭᠠᠭ᠎ᠠ᠎ᠪᠠᠷ ᠡᠳᠡᠭᠡᠷᠡᠵᠦ᠍ ᠡᠮᠨᠡᠯᠭᠡ᠎ᠡᠴᠡ ᠭᠠᠷᠴᠤ᠌᠂ ᠪᠥᠬᠥ᠌ ᠬᠣᠲᠠ᠎ᠳᠤ ᠣᠲᠣ ᠲᠤᠬᠠᠶ᠎ᠶ᠋ᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢᠶᠡᠷ ᠣᠨᠣᠱᠢᠯᠠᠭ᠍ᠳᠠᠭ᠍ᠰᠠᠨ ᠡᠪᠡᠳᠴᠢᠨ᠎ᠤ ᠵᠢᠱ᠌ᠢᠶ᠎ᠡ 193 ᠪᠣᠶ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃