ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡ ᠨᠡᠢᠲᠡᠯᠡᠯ

2022-03-15 15:53:25

ᠵᠣᠬᠢᠶᠠᠭ᠍ᠴᠢ᠄ ​ᠸᠠᠩ ᠶᠠ ᠵᠢᠩ ᠱᠢᠤᠢ ᠶᠤᠸᠠᠢ ᠣᠩᠱᠢᠭ᠍ᠰᠠᠨ ᠣᠳᠠᠭ᠎ᠠ᠄ 3

3 ᠰᠠᠷ᠎ᠠ᠎ᠶ᠋ᠢᠨ 14 ᠤ᠋ ᠡᠳᠦᠷ᠎ᠦᠨ 10 ᠴᠠᠭ᠎ᠲᠤ᠂ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠡᠴᠡ᠂ 3 ᠰᠠᠷ᠎ᠠ᠎ᠶ᠋ᠢᠨ13 ᠤ᠋ ᠡᠳᠦᠷ᠎ᠦᠨ 0 ᠴᠠᠭ᠎ᠡᠴᠡ 24 ᠴᠠᠭ ᠪᠣᠯᠲᠠᠯ᠎ᠠ᠂ ᠬᠥᠬᠡᠬᠣᠲᠠ᠎ᠳᠤ ᠲᠤᠬᠠᠶ᠎ᠶ᠋ᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠤᠨᠤᠰᠢᠯᠠᠭᠳᠠᠭᠰᠠᠨ ᠡᠪᠡᠳᠴᠢᠨ᠎ᠦ ᠵᠢᠱ᠌ᠢᠶ᠎ᠡ ᠨᠡᠮᠡᠭ᠌ᠳᠡᠭ᠌ᠰᠡᠨ ᠥᠬᠡᠶ᠃ ᠬᠥᠬᠡᠬᠣᠲᠠ ᠨᠡᠢᠭᠡᠮ᠎ᠳᠡᠭᠡᠷᠡᠬᠢ ᠡᠪᠡᠳᠴᠢᠨ᠎ᠦ ᠵᠢᠱ᠌ᠢᠶ᠎ᠡ᠎ᠶ᠋ᠢ ᠦᠭᠡᠢ ᠪᠤᠯᠭᠠᠬᠤ ᠵᠢ ᠦᠷᠭᠦᠯᠵᠢᠯᠡᠨ ᠪᠠᠲᠤᠯᠠᠬᠤ᠎ᠶ᠋ᠢᠨ ᠬᠠᠮᠲᠤ᠂ 2 ᠡᠳᠦᠷ ᠳᠠᠷᠠᠭᠠᠯᠠᠨ ᠲᠤᠰᠠᠭᠠᠷᠯᠠᠬᠤ ᠴᠡᠭ᠎ᠦᠨ ᠡᠪᠡᠳᠴᠢᠨ᠎ᠦ ᠵᠢᠱ᠌ᠢᠶ᠎ᠡ᠎ᠶ᠋ᠢ ᠦᠭᠡᠢ ᠪᠤᠯᠭᠠᠬᠤ ᠵᠢ ᠪᠠᠳᠤᠯᠠᠵᠠᠢ ᠭᠡᠪᠡ᠃

2022 ᠣᠨ᠎ᠤ 3 ᠰᠠᠷ᠎ᠠ᠎ᠶ᠋ᠢᠨ 13 ᠤ᠋ ᠡᠳᠦᠷ᠎ᠦᠨ 24 ᠴᠠᠭ ᠪᠣᠯᠲᠠᠯ᠎ᠠ᠂ ᠲᠣᠰ ᠡᠭᠡᠯᠵᠢ᠎ᠶ᠋ᠢᠨ ᠬᠢᠵᠢᠭ᠎ᠦᠨ ᠪᠠᠢᠳᠠᠯ᠎ᠳᠤ ᠬᠥᠬᠡᠬᠣᠲᠠ ᠲᠤᠬᠠᠶ᠎ᠶ᠋ᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠤᠨᠤᠰᠢᠯᠠᠭᠳᠠᠭᠰᠠᠨ ᠡᠪᠡᠳᠴᠢᠨ᠎ᠦ ᠵᠢᠱ᠌ᠢᠶ᠎ᠡ᠎ᠶ᠋ᠢ ᠨᠡᠢᠲᠡ 427 ᠮᠡᠳᠡᠭᠦᠯᠪᠡ᠃ ᠢᠳᠡᠪᠬᠢᠲᠡᠶ ᠡᠮᠨᠡᠨ ᠵᠠᠰᠠᠬᠤ᠎ᠪᠠᠷ ᠳᠡᠮᠵᠢᠨ᠂ ᠣᠳᠣᠬᠠᠨ᠎ᠳᠤ ᠨᠡᠢᠲᠡ 395 ᠡᠪᠡᠳᠴᠢᠲᠡᠨ ᠡᠳᠡᠭᠡᠷᠡᠨ ᠡᠮᠨᠡᠯᠭᠡ᠎ᠡᠴᠡ ᠭᠠᠷᠴᠤ᠂ ᠡᠭᠦᠨ᠎ᠳᠦ ᠡᠷᠡᠭᠦᠯᠵᠢᠯ᠎ᠦᠨ ᠵᠠᠰᠠᠯᠭ᠎ᠠ ᠬᠦᠯᠢᠶᠡᠵᠤ ᠪᠠᠢᠭ᠎ᠠ᠎ᠨᠢ 367 ᠬᠥᠮᠦᠨ᠂ ᠡᠷᠡᠭᠦᠯᠵᠢᠯ᠎ᠦᠨ ᠬᠤᠭᠤᠴᠠᠭ᠎ᠠ᠎ᠨᠢ ᠳᠠᠭᠤᠰᠴᠤ᠌ ᠬᠡᠷ᠎ᠲᠡᠬᠡᠨ ᠬᠠᠷᠢᠭ᠍ᠰᠠᠨ᠎ᠨᠢ 25 ᠬᠥᠮᠦᠨ ᠪᠤᠯᠵᠤ᠂ ᠪᠥᠬᠥ᠌ ᠬᠣᠲᠠ᠎ᠳᠤ ᠣᠲᠣ ᠲᠤᠬᠠᠶ᠎ᠶ᠋ᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ ᠤ᠋ᠨ ᠣᠨᠣᠱᠢᠯᠠᠭ᠍ᠳᠠᠭ᠍ᠰᠠᠨ ᠡᠪᠡᠳᠴᠢᠲᠡᠨ 32 ᠪᠣᠶ᠃

3 ᠰᠠᠷ᠎ᠠ᠎ᠶ᠋ᠢᠨ 14 ᠤ᠋ ᠡᠳᠦᠷ᠂ ᠬᠥᠬᠡᠬᠣᠲᠠ᠎ᠶ᠋ᠢᠨ 1 ᠦᠨᠳᠦᠷ ᠠᠶᠤᠯ ᠲᠦᠭ᠌ᠰᠢᠭᠦᠷᠢ ᠲᠠᠢ ᠭᠠᠵᠠᠷ ᠣᠷᠣᠨ᠎ᠢ ᠳᠤᠮᠳᠠ ᠠᠶᠤᠯ ᠲᠦᠭ᠌ᠰᠢᠭᠦᠷᠢ᠎ᠲᠡᠶ ᠭᠠᠵᠠᠷ ᠣᠷᠣᠨ ᠪᠤᠯᠭᠠᠵᠤ᠂ 1 ᠳᠤᠮᠳᠠ ᠠᠶᠤᠯ ᠲᠦᠭ᠌ᠰᠢᠭᠦᠷᠢ ᠲᠠᠢ ᠭᠠᠵᠠᠷ ᠣᠷᠣᠨ᠎ᠢ ᠳᠤᠤᠷ᠎ᠠ ᠠᠶᠤᠯ ᠲᠦᠭ᠌ᠰᠢᠭᠦᠷᠢ᠎ᠲᠡᠶ ᠭᠠᠵᠠᠷ ᠣᠷᠣᠨ ᠪᠤᠯᠭᠠᠵᠠᠢ᠃ ᠲᠣᠬᠢᠷᠠᠭᠤᠯᠤᠯᠲᠠ ᠬᠢᠭ᠌ᠰᠡᠨ᠎ᠦ ᠳᠠᠷᠠᠭ᠎ᠠ᠂ ᠬᠥᠬᠡᠬᠣᠲᠠ ᠳ᠋ᠤ ᠦᠨᠳᠦᠷ ᠠᠶᠤᠯ ᠲᠦᠭ᠌ᠰᠢᠭᠦᠷᠢ ᠲᠠᠢ ᠭᠠᠵᠠᠷ ᠣᠷᠣᠨ ᠦᠭᠡᠢ ᠪᠤᠯᠵᠤ᠂ ᠳᠤᠮᠳᠠ ᠠᠶᠤᠯ ᠲᠦᠭᠰᠢᠭᠦᠷᠢ ᠲᠠᠢ ᠭᠠᠵᠠᠷ ᠤᠷᠤᠨ 16 ᠪᠤᠢ᠃

3 ᠰᠠᠷ᠎ᠠ᠎ᠶ᠋ᠢᠨ 13 ᠤ᠋ ᠡᠳᠦᠷ᠎ᠦᠨ 24 ᠴᠠᠭ ᠪᠣᠯᠲᠠᠯ᠎ᠠ᠂ ᠪᠥᠬᠥ᠌ ᠬᠣᠲᠠ᠎ᠶ᠋ᠢᠨ 146 ᠪᠢᠲᠡᠭᠦᠮᠵᠢᠯᠡᠨ ᠡᠵᠡᠮᠳᠡᠬᠦ᠌ ᠣᠷᠣᠨ᠎ᠤ 105 ᠵᠢ ᠨᠢ ᠬᠤᠷᠢᠭ᠎ᠠ ᠳᠠᠢᠯᠵᠤ᠂ 41 ᠦᠯᠡᠳᠡᠵᠤ ᠪᠠᠢᠨ᠎ᠠ; 135 ᠬᠠᠮᠢᠶᠠᠷᠤᠨ ᠡᠵᠡᠮᠳᠡᠬᠦ᠌ ᠣᠷᠣᠨ᠎ᠤ 99 ᠵᠢ ᠨᠢ ᠬᠤᠷᠢᠭ᠎ᠠ ᠲᠠᠢᠯᠵᠤ᠂ 36 ᠦᠯᠡᠳᠡᠵᠤ ᠪᠠᠢᠨ᠎ᠠ᠃

ᠬᠢᠵᠢᠭ᠎ᠦᠨ ᠪᠠᠢᠳᠠᠯ ᠰᠠᠢᠵᠢᠷᠠᠬᠤ᠎ᠶ᠋ᠢ ᠳᠠᠭᠠᠯᠳᠤᠨ᠂ ᠣᠳᠣᠬᠠᠨ᠎ᠳᠤ᠂ ᠲᠦᠮᠡᠳ ᠵᠡᠭᠦᠨ ᠬᠣᠱᠢᠭᠤ᠎ᠶ᠋ᠢ ᠭᠠᠷᠭᠠᠪᠠᠯ᠂ ᠬᠥᠬᠡᠬᠣᠲᠠ ᠵᠢᠨ ᠪᠤᠰᠤᠳ 8 ᠱᠢᠶᠠᠨ᠂ ᠲᠣᠭᠣᠷᠢᠭ᠎ᠲᠤ ᠸᠠᠺᠼᠢᠨ᠎ᠤ ᠲᠠᠷᠢᠯᠭ᠎ᠠ ᠵᠢᠨ ᠠᠵᠢᠯ᠎ᠢ ᠠᠯᠬᠤᠮ ᠳᠠᠷᠠᠭ᠎ᠠ ᠲᠠᠢ ᠰᠡᠷᠭᠦᠭᠡᠪᠡ᠃ ᠬᠣᠲᠠ᠎ᠶ᠋ᠢᠨ ᠠᠷᠠᠳ᠎ᠤᠨ ᠸᠠᠺᠼᠢᠨ᠎ᠲᠠᠷᠢᠬᠤ ᠬᠡᠷᠡᠭ᠌ᠴᠡᠭᠡ᠎ᠶ᠋ᠢ ᠬᠠᠩᠭᠠᠬᠤ᠎ᠶ᠋ᠢᠨ ᠲᠥᠯᠥᠭᠡ᠂ ᠨᠢᠭᠡᠨᠲᠡ ᠨᠡᠢᠲᠡᠯᠡᠭ᠌ᠰᠡᠨ 25 ᠲᠠᠷᠢᠯᠭ᠎ᠠ᠎ᠶ᠋ᠢᠨ ᠴᠡᠭ᠎ᠦᠨ ᠰᠠᠭᠤᠷᠢ ᠳᠡᠭᠡᠷ᠎ᠡ ᠪᠠᠰᠠ 24 ᠲᠠᠷᠢᠯᠭ᠎ᠠ᠎ᠶ᠋ᠢᠨ ᠴᠡᠭ᠎ᠢ ᠨᠡᠮᠡᠵᠦ᠍᠂ ᠣᠳᠣᠬᠠᠨ᠎ᠳᠤ ᠨᠡᠢᠲᠡ 49 ᠸᠠᠺᠼᠢᠨ᠎ᠤ ᠲᠠᠷᠢᠯᠭ᠎ᠠ᠎ᠶ᠋ᠢᠨ ᠴᠡᠭ ᠪᠠᠢᠨ᠎ᠠ᠃ 3 ᠰᠠᠷ᠎ᠠ᠎ᠶ᠋ᠢᠨ 13 ᠤ᠋ ᠡᠳᠦᠷ᠎ᠦᠨ 17 ᠴᠠᠭ ᠪᠣᠯᠲᠠᠯ᠎ᠠ᠂ ᠪᠥᠬᠥ᠌ ᠬᠣᠲᠠ᠎ᠳᠤ 68.14 ᠲᠦᠮᠡᠨ ᠤᠳᠠᠭ᠎ᠠ ᠵᠢᠨ ᠴᠢᠩᠭᠠᠳᠬᠠᠭᠰᠠᠨ ᠲᠠᠷᠢᠯᠭ᠎ᠠ ᠲᠠᠷᠢᠵᠠᠢ; 3 — 11 ᠨᠠᠰᠤᠨ᠎ᠤ ᠬᠡᠦᠬᠡᠳ ᠤ᠋ᠨ ᠨᠢᠭᠡᠳᠦᠭᠡᠷ ᠤᠳᠠᠭ᠎ᠠ ᠵᠢᠨ ᠲᠠᠷᠢᠯᠭ᠎ᠠ ᠲᠠᠷᠢᠭᠰᠠᠨ ᠬᠦᠮᠦᠨ 26.11 ᠲᠦᠮᠡ ᠪᠤᠯᠵᠤ᠂ ᠬᠤᠶᠠᠳᠤᠭᠠᠷ ᠤᠳᠠᠭ᠎ᠠ ᠵᠢᠨ ᠲᠠᠷᠢᠯᠭ᠎ᠠ ᠲᠠᠷᠢᠭᠰᠠᠨ ᠬᠦᠮᠦᠨ 22.64 ᠲᠦᠮᠡ ᠪᠤᠯᠵᠠᠢ; 60 ᠨᠠᠰᠤᠨ᠎ᠡᠴᠡ ᠳᠡᠭᠡᠭ᠌ᠰᠢᠬᠢ 44.27 ᠲᠦᠮᠡᠨ ᠬᠥᠮᠦᠨ ᠪᠦᠬᠦ ᠶᠠᠪᠤᠴᠠ ᠵᠢᠨ ᠲᠠᠷᠢᠯᠭ᠎ᠠ ᠲᠠᠷᠢᠵᠠᠢ᠃

ᠣᠳᠣᠬᠠᠨ᠎ᠳᠤ᠂ ᠬᠥᠬᠡᠬᠣᠲᠠ ᠨᠢᠭᠡᠨᠲᠡ ᠨᠡᠢᠭᠡᠮ᠎ᠳᠡᠭᠡᠷᠡᠬᠢ ᠪᠠ ᠲᠤᠰᠠᠭᠠᠷᠯᠠᠵᠤ ᠬᠠᠮᠢᠶᠠᠷᠤᠨ ᠡᠵᠡᠮᠳᠡᠬᠦ᠌ ᠬᠥᠮᠦᠰ᠎ᠦᠨ ᠱᠢᠨ᠎ᠡ᠎ᠪᠡᠷ ᠨᠡᠮᠡᠭ᠌ᠳᠡᠭ᠌ᠰᠡᠨ ᠡᠪᠡᠳᠴᠢᠨ᠎ᠦ ᠵᠢᠱ᠌ᠢᠶ᠎ᠡ᠎ᠶ᠋ᠢ ᠦᠭᠡᠢ ᠪᠤᠯᠭᠠᠬᠤ ᠵᠢ ᠪᠡᠶᠡᠯᠡᠭᠦᠯᠵᠦ᠍᠂ ᠪᠥᠬᠥ᠌ ᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ ᠱᠠᠲᠤᠴᠢ ᠴᠢᠨᠠᠷᠲᠠᠶ ᠴᠢᠬᠤᠯᠠ ᠦᠷ᠎ᠡ ᠪᠦᠲᠦᠮᠵᠢ ᠤᠯᠪᠠ᠃ ᠭᠡᠪᠡᠴᠦ᠍ ᠣᠳᠣᠬᠠᠨ᠎ᠳᠤ ᠲᠤᠯᠭᠠᠷᠠᠵᠤ ᠪᠠᠢᠭ᠎ᠠ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ ᠢ᠋ ᠰᠡᠷᠭᠡᠭ᠎ᠢᠶᠡᠷ ᠲᠠᠨᠢᠵᠤ᠂ ᠪᠦᠬᠦ᠌ ᠪᠥᠮᠪᠥᠷᠴᠡᠭ᠎ᠦᠨ ᠬᠢᠵᠢᠭ᠎ᠦᠨ ᠪᠠᠢᠳᠠᠯ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠢᠵᠤ᠂ ᠤᠯᠤᠰ᠎ᠤᠨ ᠳᠣᠲᠣᠭᠠᠳᠤ ᠳ᠋ᠤ ᠤᠯᠠᠨ ᠭᠠᠵᠠᠷ᠎ᠲᠦ ᠲᠠᠷᠬᠠᠨ ᠳᠡᠯᠭᠡᠷᠡᠵᠦ᠍᠂ ᠬᠡᠰᠡᠭ ᠭᠠᠵᠠᠷ᠎ᠲᠤ ᠭᠡᠨᠡᠳᠳᠡ ᠪᠡᠷ ᠳᠡᠯᠭᠡᠷᠡᠵᠦ᠍ ᠪᠠᠢᠭ᠎ᠠ ᠪᠠᠢᠳᠠᠯ᠎ᠢ ᠦᠨᠳᠦᠰᠦᠯᠡᠵᠦ᠍᠂ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ ᠤ᠋ᠨ ᠲᠠᠬᠢᠨ ᠲᠠᠷᠬᠠᠨ ᠳᠡᠯᠭᠡᠷᠡᠬᠦ᠌᠎ᠶ᠋ᠢ ᠰᠡᠷᠭᠡᠢᠯᠡᠬᠦ᠌᠂ ᠭᠠᠳᠠᠨ᠎ᠠ ᠡᠴᠡ ᠬᠠᠯᠳᠠᠪᠤᠷᠢᠯᠠᠨ ᠣᠷᠣᠵᠤ ᠢᠷᠡᠬᠦ᠌᠎ᠶ᠋ᠢ ᠰᠡᠷᠭᠡᠢᠯᠡᠬᠦ᠌ ᠡᠭᠦᠷᠭᠡ ᠮᠦᠨ ᠬᠦ᠌ ᠬᠦᠨᠳᠦ ᠨᠦᠰᠡᠷ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面