ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡ ᠨᠡᠢᠲᠡᠯᠡᠯ

2022-03-19 21:38:40

ᠵᠣᠬᠢᠶᠠᠭ᠍ᠴᠢ᠄ ​ ᠵᠸᠡᠭ ᠰᠢᠤᠸᠠᠢ ᠯᠢᠶᠠᠡᠭ ᠸᠠᠡᠭ ᠶᠠ ᠵᠢᠡᠭ ᠣᠩᠱᠢᠭ᠍ᠰᠠᠨ ᠣᠳᠠᠭ᠎ᠠ᠄ 3

ᠰᠤᠷᠪᠤᠯᠵᠢᠯᠠᠬᠴᠢ ᠬᠦᠬᠡᠬᠤᠳᠠ ᠵᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠤᠨ ᠰᠤᠨᠢᠨ ᠮᠡᠳᠡᠬᠡ ᠨᠡᠢᠳᠡᠯᠡᠬᠦ ᠬᠤᠷᠠᠯ(ᠬᠤᠷᠢᠨ ᠵᠢᠷᠭᠤᠳᠤᠭᠠᠷ ᠲᠠᠯᠠᠪᠠᠢ)ᠡᠴᠡ ᠤᠢᠯᠠᠭᠠᠬᠰᠠᠨ ᠵᠢᠡᠷ᠂ 2022 ᠣᠨ᠎ᠤ 3 ᠰᠠᠷ᠎ᠠ᠎ᠶ᠋ᠢᠨ 17 ᠎ᠤ ᠡᠳᠦᠷ᠎ᠦᠨ 0 ᠴᠠᠭ᠎ᠠᠴᠠ 24 ᠴᠠᠭ ᠪᠣᠯᠲᠠᠯ᠎ᠠ᠂ ᠬᠥᠬᠡᠬᠣᠲᠠ᠎ᠳᠤ ᠲᠤᠬᠠᠶ᠎ᠶ᠋ᠢᠨ ᠭᠠᠵᠠᠷ᠎ᠤᠨ ᠳᠣᠲᠣᠯᠠᠭ᠍ᠰᠠᠨ ᠡᠪᠡᠳᠴᠢᠨ᠎ᠦ ᠵᠢᠱ᠌ᠢᠶ᠎ᠡ 3᠂ ᠲᠤᠬᠠᠶ᠎ᠶ᠋ᠢᠨ ᠭᠠᠵᠠᠷ᠎ᠤᠨ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭ᠍ᠳᠠᠭᠴᠢ 2 ᠨᠡᠮᠡᠭᠳᠡᠵᠤ᠂ ᠪᠦᠬᠦᠨ᠎ᠢᠶᠡᠷ᠎ᠢᠶᠡᠨ ᠬᠣᠲᠣᠩ ᠠᠷᠠᠳ᠎ᠤᠨ ᠲᠣᠭᠣᠷᠢᠭ᠎ᠠᠴᠠ ᠢᠷᠡᠯᠲᠠ ᠲᠠᠢ᠃ 2022 ᠣᠨ᠎ᠤ 3 ᠰᠠᠷ᠎ᠠ᠎ᠶ᠋ᠢᠨ 17 ᠎ᠤ ᠡᠳᠦᠷ᠎ᠦᠨ 24 ᠴᠠᠭ ᠪᠣᠯᠲᠠᠯ᠎ᠠ᠂ ᠲᠤᠰ ᠡᠭᠡᠯᠵᠢ ᠵᠢᠨ ᠬᠢᠵᠢᠭ᠎ᠤᠨ ᠪᠠᠢᠳᠠᠯ ᠳ᠋ᠦ ᠬᠦᠬᠡᠬᠤᠳᠠ ᠵᠢᠨ ᠬᠢᠨ ᠰᠢᠨ᠎ᠠ ᠲᠢᠲᠢᠮᠯᠢᠭ ᠠᠭᠤᠰᠬᠢᠨ ᠦᠷᠪᠢᠰᠦᠯ ᠎ᠤᠨ ᠲᠤᠬᠠᠶ ᠎ᠶ᠋ᠢᠨ ᠭᠠᠵᠠᠷ ᠎ᠤᠨ ᠳᠣᠲᠣᠯᠠᠭ᠍ᠰᠠᠨ ᠡᠪᠡᠳᠴᠢᠨ᠎ᠦ ᠵᠢᠱ᠌ᠢᠶ᠎ᠡ ᠵᠢ ᠨᠡᠢᠲᠡ 430 ᠮᠡᠳᠡᠭᠦᠯᠪᠡ᠃

ᠨᠠᠷᠢᠨ ᠨᠢᠮᠪᠠᠢ ᠡᠮᠨᠡᠨ ᠵᠠᠰᠠᠬᠤ᠎ᠪᠠᠷ ᠳᠡᠮᠵᠢᠨ᠂ 3 ᠰᠠᠷ᠎ᠠ᠎ᠶ᠋ᠢᠨ 17᠎ᠤ ᠡᠳᠦᠷ 5 ᠡᠪᠡᠳᠴᠢᠲᠡᠨ ᠢᠯᠡᠷᠢᠰᠢᠵᠤ ᠡᠮᠨᠡᠯᠭᠡ᠎ᠡᠴᠡ ᠭᠠᠷᠴᠤ᠌᠂ ᠤᠳᠤᠬᠠᠨ ᠪᠤᠯᠳᠠᠯ᠎ᠠ ᠨᠡᠢᠲᠡ 423 ᠡᠪᠡᠳᠴᠢᠲᠡᠨ ᠢᠯᠡᠷᠢᠰᠢᠵᠤ ᠡᠮᠨᠡᠯᠭᠡ᠎ᠡᠴᠡ ᠭᠠᠷᠪᠠ᠃ ᠤᠳᠤᠬᠠᠨ ᠳ᠋ᠦ ᠬᠥᠬᠡᠬᠣᠲᠠ᠎ᠳᠤ ᠲᠤᠬᠠᠶ᠎ᠶ᠋ᠢᠨ ᠭᠠᠵᠠᠷ᠎ᠤᠨ ᠲᠤᠳᠤᠯᠠᠭᠰᠠᠨ ᠡᠪᠡᠳᠴᠢᠨ᠎ᠦ ᠵᠢᠱ᠌ᠢᠶ᠎ᠡ 7᠂ ᠲᠤᠬᠠᠢ ᠵᠢᠨ ᠭᠠᠵᠠᠷ᠎ᠤᠨ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭ᠍ᠳᠠᠭᠴᠢ 2 ᠪᠣᠶ᠃

ᠬᠥᠬᠡᠬᠣᠲᠠ᠎ᠶ᠋ᠢᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠥᠪ᠎ᠦᠨ ᠳᠡᠳ᠋ ᠡᠷᠬᠢᠯᠡᠭ᠌ᠴᠢ ᠸᠠᠩ ᠳ᠋ᠠ ᠸᠧᠶ ᠱᠢᠨ᠎ᠡ᠎ᠪᠡᠷ ᠨᠡᠮᠡᠭ᠌ᠳᠡᠭ᠌ᠰᠡᠨ ᠡᠪᠡᠳᠴᠢᠨ᠎ᠦ ᠵᠢᠱ᠌ᠢᠶ᠎ᠡ᠎ᠳᠦ ᠴᠢᠭ᠌ᠯᠡᠭᠦᠯᠦᠨ ᠬᠥᠬᠡᠬᠣᠲᠠ᠎ᠳᠤ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠪᠠᠢᠭ᠎ᠠ ᠲᠤᠬᠠᠶ ᠲᠠᠨᠢᠯᠴᠠᠭᠤᠯᠪᠠ᠄ ᠬᠥᠬᠡᠬᠣᠲᠠ ᠵᠢᠨ ᠬᠢᠨ ᠳᠣᠣᠷᠠᠬᠢ 3 ᠵᠦᠢᠯ᠎ᠦᠨ ᠠᠵᠢᠯ᠎ᠢ ᠭᠣᠣᠯᠳᠠᠯᠭ᠎ᠠ᠎ᠲᠠᠶ ᠥᠷᠨᠢᠭᠦᠯᠬᠦ ᠪᠤᠯᠤᠨ᠎ᠡ᠃ ᠨᠢᠭᠡ᠎ᠳᠦ᠂ ᠭᠣᠣᠯᠳᠠᠯᠭ᠎ᠠ᠎ᠲᠠᠶ ᠣᠷᠣᠨ ᠪᠦᠰᠡ᠎ᠳᠦ ᠪᠥᠭᠡᠮ ᠬᠦᠴᠢᠯ᠎ᠦᠨ ᠪᠠᠢᠴᠠᠭᠠᠯᠲᠠ ᠬᠢᠨ᠎ᠠ᠃ ᠬᠠᠯᠳᠠᠪᠤᠷᠢᠯᠠᠯ᠎ᠤᠨ ᠡᠬᠢ ᠰᠤᠷᠪᠤᠯᠵᠢ᠎ᠶ᠋ᠢ ᠡᠷᠢᠵᠦ᠍᠂ ᠬᠠᠯᠳᠠᠪᠤᠷᠢᠯᠠᠬᠤ ᠬᠡᠪᠴᠢᠶ᠎ᠡ᠎ᠶ᠋ᠢ ᠬᠢᠵᠠᠭᠠᠷᠯᠠᠬᠤ᠎ᠬᠠᠮᠤᠭ᠎ᠤᠨ ᠭᠣᠣᠯ ᠠᠷᠭ᠎ᠠ ᠪᠣᠯ ᠳᠠᠷᠤᠢ ᠭᠣᠣᠯᠳᠠᠯᠭ᠎ᠠ᠎ᠲᠠᠶ ᠣᠷᠣᠨ ᠪᠦᠰᠡ᠎ᠳᠦ ᠪᠥᠭᠡᠮ ᠬᠦᠴᠢᠯ᠎ᠦᠨ ᠪᠠᠢᠴᠠᠭᠠᠯᠲᠠ ᠬᠢᠬᠦ᠌ ᠶᠠᠪᠤᠳᠠᠯ ᠪᠣᠯᠤᠨ᠎ᠠ᠃ ᠡᠪᠡᠳᠴᠢᠨ᠎ᠦ ᠵᠢᠱ᠌ᠢᠶ᠎ᠡ᠎ᠶ᠋ᠢᠨ ᠠᠵᠢᠯᠯᠠᠭ᠎ᠠ᠎ᠶ᠋ᠢᠨ ᠵᠠᠮ ᠮᠥᠷ ᠵᠢᠴᠢ ᠪᠣᠯᠤᠮᠵᠢᠲᠤ ᠬᠠᠯᠳᠠᠪᠤᠷᠢᠯᠠᠯ᠎ᠤᠨ ᠡᠬᠢ ᠰᠤᠷᠪᠤᠯᠵᠢ᠎ᠶ᠋ᠢ ᠦᠨᠳᠦᠰᠦᠯᠡᠨ᠂ ᠵᠡᠭᠦᠨᠰᠢ ᠪᠡᠨ ᠰᠣᠶᠣᠯ᠎ᠤᠨ ᠣᠷᠳᠣᠨ ᠵᠠᠮ᠂ ᠡᠮᠦᠨᠡᠰᠢ ᠪᠡᠨ ᠵᠦᠩ ᠱᠠᠨ ᠪᠠᠷᠠᠭᠤᠨ ᠵᠠᠮ᠂ ᠪᠠᠷᠠᠭᠤᠨᠰᠢ ᠪᠡᠨ ᠲᠦᠡᠭ ᠳ᠋ᠤᠤ ᠡᠮᠦᠨ᠎ᠡ ᠵᠠᠮ᠂ ᠤᠮᠠᠷᠠᠰᠢ ᠪᠡᠨ ᠱᠢᠨᠬᠤᠸᠠ ᠶᠡᠬᠡ ᠵᠡᠭᠡᠯᠢ ᠬᠦᠷᠳᠡᠯᠡᠬᠢ ᠭᠤᠤᠯᠳᠠᠯᠭ᠎ᠠ᠎ᠲᠠᠶ ᠣᠷᠣᠨ ᠪᠦᠰᠡ᠎ᠶ᠋ᠢ ᠵᠠᠭᠠᠭ᠍ᠯᠠᠨ ᠲᠣᠭ᠍ᠲᠠᠭᠠᠵᠤ᠂ 3 ᠰᠠᠷ᠎ᠠ᠎ᠶ᠋ᠢᠨ 18 ᠎ᠤ ᠡᠳᠦᠷ ᠲᠣᠰ ᠬᠡᠪᠴᠢᠶᠡᠨ᠎ᠳ᠋ᠡᠬᠢ ᠭᠤᠤᠯᠳᠠᠯᠭ᠎ᠠ᠎ᠲᠠᠶ ᠬᠥᠮᠦᠰ᠎ᠲᠦ ᠪᠥᠭᠡᠮ ᠬᠦᠴᠢᠯ᠎ᠦᠨ ᠪᠠᠢᠴᠠᠭᠠᠯᠲᠠ ᠬᠢᠵᠦ᠍᠂ ᠪᠣᠯᠤᠮᠵᠢᠲᠤ ᠳᠠᠯᠳᠠ ᠬᠠᠯᠳᠠᠪᠤᠷᠢᠯᠠᠭᠳᠠᠭᠴᠢ᠎ᠵᠢ ᠱᠢᠭ᠌ᠰᠢᠨ ᠪᠠᠢᠴᠠᠭᠠᠵᠤ᠂ ᠴᠠᠭ ᠲᠤᠬᠠᠶ᠎ᠳᠤᠨᠢ ᠬᠠᠮᠢᠶᠠᠷᠤᠨ ᠡᠵᠡᠮᠳᠡᠨ᠎ᠡ᠃ ᠬᠣᠶᠠᠷ᠎ᠲᠤ᠂ ᠱᠢᠭ᠌ᠰᠢᠨ ᠪᠠᠢᠴᠠᠭᠠᠵᠤ ᠭᠠᠷᠭᠠᠭ᠍ᠰᠠᠨ ᠬᠠᠯᠳᠠᠪᠤᠷᠢᠯᠠᠭ᠍ᠳᠠᠭᠴᠢ᠎ᠳ᠋ᠦ ᠲᠠᠬᠤᠯ ᠡᠪᠡᠳᠴᠢᠨ᠎ᠦ ᠰᠤᠳᠤᠯᠤᠯ᠎ᠤᠨ ᠪᠠᠢᠴᠠᠭᠠᠯᠲᠠ ᠬᠢᠬᠦ᠌᠎ᠶ᠋ᠢᠨ ᠬᠠᠮᠲᠤ ᠲᠣᠭ᠍ᠲᠠᠭ᠍ᠰᠠᠨ ᠡᠮᠨᠡᠯᠭᠡ᠎ᠶ᠋ᠢᠨ ᠬᠣᠷᠢᠶ᠎ᠠ᠎ᠳᠤ ᠴᠠᠭ ᠲᠤᠬᠠᠶ᠎ᠳᠤᠨᠢ ᠱᠢᠯᠵᠢᠭᠦᠯᠦᠨ ᠬᠦᠷᠭᠡᠵᠦ᠍ ᠠᠪᠤᠷᠠᠨ ᠵᠠᠰᠠᠭᠤᠯᠵᠤ᠂ ᠮᠠᠭᠠᠳᠯᠠᠨ ᠲᠣᠭ᠍ᠲᠠᠭᠠᠭ᠍ᠰᠠᠨ ᠨᠢᠭ᠍ᠲᠠ ᠦᠢᠷᠠᠳᠤᠭᠴᠢ ᠪᠠ ᠲᠠᠮ ᠦᠢᠷᠠᠳᠤᠭᠴᠢ ᠵᠢ ᠴᠠᠭ ᠲᠤᠬᠠᠶ᠎ᠳᠤᠨᠢ ᠲᠤᠰᠠᠭᠠᠷᠯᠠᠨ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ ᠠᠪᠴᠤ᠌᠂ ᠬᠢᠵᠢᠭ᠎ᠤᠨ ᠪᠠᠢᠳᠠᠯ ᠲᠠᠷᠬᠠᠬᠤ᠎ᠶ᠋ᠢ ᠰᠡᠷᠭᠡᠢᠯᠡᠨ ᠡᠵᠡᠮᠳᠠᠨ᠎ᠠ᠃ 3 ᠰᠠᠷ᠎ᠠ᠎ᠶ᠋ᠢᠨ 17᠎ᠤ ᠡᠳᠦᠷ᠎ᠦᠨ 24 ᠴᠠᠭ ᠪᠣᠯᠲᠠᠯ᠎ᠠ᠂ 80 ᠨᠢᠭ᠍ᠲᠠ ᠦᠢᠷᠠᠳᠤᠭᠴᠢ ᠪᠠ 62 ᠳᠠᠮ ᠦᠢᠷᠠᠳᠤᠭᠴᠢ ᠵᠢ ᠰᠢᠭᠰᠢᠨ ᠪᠠᠢᠴᠠᠭᠠᠵᠤ ᠭᠠᠷᠭᠠᠭᠠᠳ ᠴᠥᠮ ᠲᠤᠰᠠᠭᠠᠷᠯᠠᠨ ᠬᠠᠮᠢᠶᠠᠷᠤᠨ ᠡᠵᠡᠮᠳᠡᠵᠦ᠍ ᠪᠠᠢᠨ᠎ᠠ᠃ ᠭᠤᠷᠪᠠ᠎ᠳᠤ᠂ ᠭᠸᠨ᠎ᠤ ᠴᠤᠪᠤᠷᠠᠯ᠎ᠤᠨ ᠬᠡᠮᠵᠢᠯᠲᠡ ᠵᠢᠨ ᠠᠵᠢᠯ᠎ᠢ ᠦᠷᠭᠦᠯᠵᠢᠯᠡᠨ ᠥᠷᠨᠢᠭᠦᠯᠵᠦ᠍᠂ ᠪᠥᠬᠥ᠌ ᠭᠸᠨ᠎ᠤ ᠴᠤᠪᠤᠷᠠᠯ᠎ᠤᠨ ᠬᠡᠮᠵᠢᠯᠲᠡ ᠶ᠋ᠢ ᠬᠠᠷᠢᠴᠠᠭᠤᠯᠬᠤ᠎ᠪᠠᠷ ᠳᠠᠮᠵᠢᠭᠤᠯᠤᠨ᠂ ᠭᠠᠳᠠᠭᠤᠷ ᠶᠠᠪᠤᠭᠰᠠᠨ ᠪᠤᠯᠤᠮᠵᠢᠲᠠᠢ ᠬᠤᠭᠤᠴᠠᠭ᠎ᠠ ᠪᠠ ᠬᠠᠯᠳᠠᠪᠤᠷᠢᠯᠠᠯ᠎ᠤᠨ ᠢᠷᠡᠯᠲᠡ᠎ᠶ᠋ᠢ ᠮᠠᠭᠠᠳᠯᠠᠬᠤ ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面