ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡ ᠨᠡᠢᠲᠡᠯᠡᠯ

2022-03-19 21:01:41

ᠵᠣᠬᠢᠶᠠᠭ᠍ᠴᠢ᠄ ​ᠵᠧᠩ ᠱᠢᠤᠸᠠᠢ ᠯᠢᠶᠠᠩ ᠸᠠᠩ ᠶᠠ ᠵᠢᠩ ᠣᠩᠱᠢᠭ᠍ᠰᠠᠨ ᠣᠳᠠᠭ᠎ᠠ᠄ 3

ᠪᠥᠬᠥ᠌ ᠬᠣᠲᠠ᠎ᠳᠤ 《ᠬᠥᠬᠡᠬᠣᠲᠠ ᠺᠣᠳ᠋》 ᠢ᠋ ᠡᠬᠢᠯᠡᠨ ᠬᠡᠷᠡᠭ᠌ᠯᠡᠬᠦ᠌᠎ᠪᠡᠷ ᠪᠣᠶ


3 ᠰᠠᠷ᠎ᠠ᠎ᠶ᠋ᠢᠨ 18 ᠎ᠤ᠋ ᠡᠳᠦᠷ᠎ᠦᠨ 10 ᠴᠠᠭ᠎ᠲᠤ᠂ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠡᠴᠡ 3 ᠰᠠᠷ᠎ᠠ᠎ᠶ᠋ᠢᠨ 17 ᠤ᠋ ᠡᠳᠦᠷ᠎ᠦᠨ 0 ᠴᠠᠭ᠎ᠡᠴᠡ 24 ᠴᠠᠭ ᠪᠣᠯᠲᠠᠯ᠎ᠠ᠂ ᠬᠥᠬᠡᠬᠣᠲᠠ᠎ᠶ᠋ᠢᠨ ᠮᠡᠳᠡᠭᠦᠯᠦᠭᠰᠡᠨ ᠱᠢᠨ᠎ᠡ᠎ᠪᠡᠷ ᠨᠡᠮᠡᠭ᠌ᠳᠡᠭ᠌ᠰᠡᠨ ᠲᠤᠬᠠᠢ᠎ᠶ᠋ᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠣᠨᠣᠱᠢᠯᠠᠭᠳᠠᠬᠰᠡᠨ ᠡᠪᠡᠳᠴᠢᠨ᠎ᠦ ᠵᠢᠱ᠌ᠢᠢ᠎ᠡ 3 ᠪᠠᠢᠵᠤ᠂ ᠲᠤᠬᠠᠢ᠎ᠶ᠋ᠢᠨ ᠭᠠᠵᠠᠷ᠎ᠤᠨ ᠡᠪᠡᠳᠴᠢᠨ᠎ᠦ ᠢᠯᠡᠷᠡᠯ ᠦᠭᠡᠢ ᠬᠠᠯᠳᠠᠪᠤᠷᠢᠯᠠᠭ᠍ᠰᠠᠳ 2 ᠪᠠᠢᠨ᠎ᠠ ᠭᠡᠵᠤ ᠨᠠᠢᠳᠠᠯᠠᠪᠠ᠃

ᠲᠠᠨᠢᠯᠴᠠᠭᠤᠯᠤᠭ᠍ᠰᠠᠨ᠎ᠢᠶᠠᠷ᠂ ᠱᠢᠨ᠎ᠡ᠎ᠪᠡᠷ ᠨᠡᠮᠡᠭ᠌ᠳᠡᠭ᠌ᠰᠡᠨ ᠡᠪᠡᠳᠴᠢᠨ᠎ᠦ ᠵᠢᠱ᠌ᠢᠶ᠎ᠡ᠎ᠨᠢ ᠴᠥᠮ ᠬᠣᠲᠣᠩ ᠠᠷᠠᠳ᠎ᠤᠨ ᠲᠣᠭᠣᠷᠢᠭ ᠲᠦ᠍ ᠪᠠᠢᠵᠤ᠂ ᠡᠪᠡᠳᠴᠢᠨ᠎ᠦ ᠢᠯᠡᠷᠡᠯ ᠥᠬᠡᠶ 2 ᠬᠠᠯᠳᠠᠪᠤᠷᠢᠯᠠᠭ᠍ᠰᠠᠳ᠎ᠨᠢ ᠡᠷ᠎ᠡ ᠡᠮ᠎ᠡ ᠬᠤᠶᠠᠭᠤᠯᠠ ᠪᠠᠢᠵᠤ᠂ ᠣᠨᠣᠱᠢᠯᠠᠭ᠍ᠳᠠᠭ᠍ᠰᠠᠨ ᠡᠪᠡᠳᠴᠢᠨ᠎ᠤ ᠵᠢᠱ᠌ᠢᠶ᠎ᠡ ᠮᠠ ᠣᠪᠣᠭ᠍ᠲᠤ᠂ ᠵᠠᠩ ᠣᠪᠣᠭ᠍ᠲᠤ᠎ᠲᠠᠶ ᠨᠢᠭᠡ ᠰᠠᠭᠤᠭᠠᠯᠢ ᠠᠷᠠᠳ᠎ᠤᠨ ᠲᠣᠭᠣᠷᠢᠭ᠎ᠲᠤ ᠰᠠᠭᠤᠵᠤ᠂ ᠡᠨᠡ ᠬᠤᠶᠠᠷ ᠡᠪᠡᠳᠴᠢᠨ᠎ᠤ ᠵᠢᠱ᠌ᠢᠶ᠎ᠡ ᠵᠢᠨ ᠬᠠᠮᠲᠤ ᠵᠢᠨ ᠨᠢᠭ᠍ᠲᠠ ᠣᠢᠷᠠᠲᠤᠭ᠍ᠰᠠᠳ ᠪᠣᠯᠤᠨ᠎ᠠ᠃

2 ᠰᠠᠷ᠎ᠠ᠎ᠶ᠋ᠢᠨ 15 ᠎ᠤ᠋ ᠡᠳᠦᠷ᠎ᠡᠴᠡ ᠨᠠᠭᠠᠰᠢ᠂ ᠬᠥᠬᠡᠬᠣᠲᠠ᠎ᠶ᠋ᠢᠨ ᠮᠡᠳᠡᠬᠦᠯᠦᠭᠰᠡᠨ ᠲᠤᠬᠠᠶ᠎ᠶ᠋ᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠤᠨᠤᠰᠢᠯᠠᠬᠳᠠᠬᠰᠡᠨ ᠡᠪᠡᠳᠴᠢᠨ᠎ᠦ ᠵᠢᠱ᠌ᠢᠶ᠎ᠡ 430 ᠪᠠᠢᠵᠤ᠂ ᠲᠤᠬᠠᠶ᠎ᠶ᠋ᠢᠨ ᠭᠠᠵᠠᠷ᠎ᠤᠨ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭ᠍ᠰᠠᠳ 2 ᠪᠣᠶ᠃ ᠢᠳᠡᠪᠬᠢᠲᠡᠶ ᠡᠮᠨᠡᠨ ᠵᠠᠰᠠᠬᠤ᠎ᠪᠠᠷ ᠳᠡᠮᠵᠢᠨ 3 ᠰᠠᠷ᠎ᠠ᠎ᠶ᠋ᠢᠨ 17 ᠎ᠤ᠋ ᠡᠳᠦᠷ ᠪᠠᠰᠠ 5 ᠡᠪᠡᠳᠴᠢᠲᠡᠨ ᠡᠮᠨᠡᠯᠭᠡ᠎ᠡᠴᠡ ᠭᠠᠷᠴᠤ᠌᠂ ᠣᠲᠣ ᠪᠣᠯᠲᠠᠯ᠎ᠠ ᠨᠡᠢᠲᠡ 423 ᠡᠪᠡᠳᠴᠢᠲᠡᠨ ᠵᠠᠯᠭᠠᠭ᠎ᠠ᠎ᠪᠠᠷ ᠢᠯᠡᠷᠢᠰᠢᠵᠤ ᠡᠮᠨᠡᠯᠭᠡ᠎ᠡᠴᠡ ᠭᠠᠷᠪᠠ᠂ ᠪᠥᠬᠥ᠌ ᠬᠣᠲᠠ᠎ᠳᠤ ᠣᠲᠣ ᠲᠤᠬᠠᠶ᠎ᠶ᠋ᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠣᠨᠣᠱᠢᠯᠠᠭ᠍ᠳᠠᠭ᠍ᠰᠠᠨ ᠡᠪᠡᠳᠴᠢᠨ᠎ᠤ ᠵᠢᠱ᠌ᠢᠶ᠎ᠠ7᠂ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭ᠍ᠰᠠᠳ 2 ᠪᠣᠶ᠃

3 ᠰᠠᠷ᠎ᠠ᠎ᠶ᠋ᠢᠨ 18᠎ᠤ᠋ ᠡᠳᠦᠷ᠂ ᠬᠥᠬᠡᠬᠣᠲᠠ ᠵᠢᠨ ᠬᠣᠲᠣᠩ ᠠᠷᠠᠳ᠎ᠤᠨ ᠲᠣᠭᠣᠷᠢᠭ᠎ᠤᠨ ᠲᠦᠩ ᠳ᠋ᠤᠤ ᠵᠡᠭᠡᠯᠢ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠶᠢᠦ ᠢ ᠭᠤᠳᠤᠮᠵᠢ ᠵᠢᠨ ᠨᠡᠢᠭᠡᠮ ᠲᠣᠭᠣᠷᠢᠭ᠎ᠢ ᠳᠤᠮᠳᠠ ᠠᠶᠤᠯ ᠲᠦᠭ᠌ᠰᠢᠭᠦᠷᠢ᠎ᠲᠡᠶ ᠭᠠᠵᠠᠷ ᠣᠷᠣᠨ ᠪᠣᠯᠭᠠᠨ ᠲᠣᠬᠢᠷᠠᠭᠤᠯᠪᠠ᠃ ᠡᠭᠦᠨ᠎ᠡᠴᠡ ᠭᠠᠳᠠᠨ᠎ᠠ᠂ ᠬᠣᠲᠣᠩ ᠠᠷᠠᠳ᠎ᠤᠨ ᠲᠣᠭᠣᠷᠢᠭ᠎ᠤᠨ ᠱᠢᠨᠬᠤᠸᠠ ᠪᠠᠷᠠᠭᠤᠨ ᠵᠠᠮ ᠵᠡᠭᠡᠯᠢ ᠭᠤᠳᠤᠮᠵᠢ᠎ᠶ᠋ᠢᠨ ᠳ᠋ᠠᠴᠢᠩ ᠵᠠᠮ᠎ᠤᠨ ᠨᠡᠢᠭᠡᠮ ᠲᠣᠭᠣᠷᠢᠭ᠎ᠢ ᠲᠤᠤᠷ᠎ᠠ ᠠᠶᠤᠯ ᠲᠦᠭ᠌ᠰᠢᠭᠦᠷᠢ ᠭᠠᠵᠠᠷ ᠣᠷᠣᠨ ᠪᠣᠯᠭᠠᠨ ᠲᠣᠬᠢᠷᠠᠭᠤᠯᠪᠠ᠃ ᠪᠤᠰᠤᠳ ᠭᠠᠵᠠᠷ ᠣᠷᠣᠨ᠎ᠤ ᠠᠶᠤᠯ ᠲᠦᠭ᠌ᠰᠢᠭᠦᠷᠢ᠎ᠶ᠋ᠢᠨ ᠳᠡᠰ᠎ᠢ ᠬᠤᠪᠢᠷᠠᠭᠤᠯᠬᠤ ᠥᠬᠡᠶ᠃ ᠲᠣᠬᠢᠷᠠᠭᠤᠯᠤᠯᠲᠠ ᠬᠢᠭ᠌ᠰᠡᠨ᠎ᠦ ᠳᠠᠷᠠᠭ᠎ᠠ᠂ ᠬᠥᠬᠡᠬᠣᠲᠠ᠎ᠳᠤ ᠣᠲᠣ ᠳᠤᠮᠳᠠ ᠠᠶᠤᠯ ᠲᠦᠭ᠌ᠰᠢᠭᠦᠷᠢ᠎ᠲᠡᠶ ᠭᠠᠵᠠᠷ ᠣᠷᠣᠨ 5 ᠪᠣᠶ᠃

ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ ᠎ᠤᠨ ᠵᠢᠯᠣᠭᠣᠳᠭᠤ ᠭᠠᠵᠠᠷ ᠡᠴᠡ 2022 ᠣᠨ᠎ᠤ 3 ᠰᠠᠷ᠎ᠠ᠎ᠶ᠋ᠢᠨ 21 ᠤ᠋ ᠡᠳᠦᠷ᠎ᠦᠨ ᠲᠡᠭ ᠴᠠᠭ᠎ᠡᠴᠡ ᠡᠬᠢᠯᠡᠨ᠂ ᠪᠥᠬᠥ᠌ ᠬᠣᠲᠠ᠎ᠳᠤ《ᠬᠥᠬᠡᠬᠣᠲᠠ ᠺᠣᠳ᠋》ᠤ᠋ᠨ ᠱᠢᠰᠲ᠋ᠧᠮ᠎ᠢ ᠵᠢᠩᠬᠢᠨᠢ᠎ᠪᠡᠷ ᠬᠡᠷᠡᠭ᠌ᠯᠡᠬᠦ᠌᠎ᠪᠡᠷ ᠲᠣᠭ᠍ᠲᠠᠪᠠ᠃《ᠬᠥᠬᠡᠬᠣᠲᠠ ᠺᠣᠳ᠋》ᠪᠣᠯ ᠬᠥᠬᠡᠬᠣᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ ᠡᠴᠡ ᠥᠪᠡᠷᠲᠡᠭᠡᠨ ᠵᠠᠰᠠᠬᠤ ᠣᠷᠣᠨ᠎ᠤ ᠬᠢᠵᠢᠭ᠎ᠢ ᠰᠡᠷᠭᠡᠢᠯᠡᠬᠦ᠌ ᠬᠤᠯᠪᠤᠬᠳᠠᠯ ᠪᠥᠬᠥᠶ ᠲᠣᠭ᠎ᠠ ᠪᠠᠷᠢᠮᠲᠠ ᠪᠠ ᠤᠯᠤᠰ᠎ᠤᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠠᠪᠴᠠᠩ᠎ᠤᠨ ᠬᠤᠯᠪᠤᠬᠳᠠᠯ ᠪᠥᠬᠥᠶ ᠴᠢᠳᠠᠮᠵᠢ᠎ᠳᠤ ᠲᠦᠱᠢᠭ᠌ᠯᠡᠨ᠂ ᠣᠳᠣᠬᠠᠨ᠎ᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠢ ᠰᠡᠷᠭᠡᠢᠯᠡᠨ ᠡᠵᠡᠮᠳᠡᠬᠦ᠌ ᠬᠡᠷᠡᠭ᠌ᠴᠡᠭᠡ᠎ᠳᠦ ᠴᠢᠭ᠌ᠯᠡᠭᠦᠯᠦᠨ᠂ ᠥᠷᠭᠡᠨ ᠣᠯᠠᠨ ᠬᠣᠲᠠ᠎ᠶ᠋ᠢᠨ ᠠᠷᠠᠳ ᠵᠢᠴᠢ ᠬᠥᠬᠡᠬᠣᠲᠠ᠎ᠳᠤ ᠢᠷᠠᠵᠤ (ᠪᠤᠴᠠᠵᠤ)ᠪᠠᠢᠭ᠎ᠠ ᠬᠥᠮᠦᠰ᠎ᠦᠨ ᠲᠣᠰ ᠪᠡᠶ᠎ᠡ᠎ᠶ᠋ᠢᠨ ᠬᠢᠵᠢᠭ᠎ᠢ ᠰᠡᠷᠭᠡᠢᠯᠡᠬᠦ᠌ ᠬᠤᠯᠪᠤᠬᠳᠠᠯ ᠪᠥᠬᠥᠶ ᠡᠷᠡᠭᠦᠯ ᠮᠡᠨᠳᠦ᠍᠎ᠶ᠋ᠢᠨ ᠪᠠᠢᠳᠠᠯ᠎ᠢᠶᠠᠨ ᠪᠠᠢᠴᠠᠭᠠᠨ ᠯᠠᠪᠯᠠᠬᠤ᠎ᠳᠤ ᠲᠥᠬᠥᠮ ᠦᠵᠡᠭᠦᠯᠵᠦ᠍᠂ ᠬᠣᠲᠠ ᠵᠢᠨ ᠦᠶ᠋ᠯᠡᠳᠪᠦᠷᠢᠯᠡᠯ ᠠᠮᠢᠳᠤᠷᠠᠯ᠎ᠤᠨ ᠡᠮᠬᠢ ᠳᠢᠭ᠌ᠯᠢᠮ᠎ᠢ᠎ᠨᠢ ᠰᠡᠷᠭᠦᠭᠡᠬᠦ ᠳ᠋ᠦ ᠳᠤᠰᠠᠯᠠᠬᠤ ᠨᠢᠭᠡ ᠵᠦᠶ᠋ᠯ᠎ᠦᠨ ᠲᠣᠭᠠᠴᠢᠯᠠᠭ᠍ᠰᠠᠨ ᠮᠡᠳᠡᠭᠡ ᠵᠠᠩᠭᠢ᠎ᠶ᠋ᠢᠨ ᠦᠶ᠋ᠯᠡᠴᠢᠯᠡᠭᠡᠨ᠎ᠦ ᠪᠠᠭᠠᠵᠢ ᠪᠣᠯᠤᠨ᠎ᠠ᠃ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠬᠡᠷᠡᠭ᠌ᠴᠡᠭᠡ᠎ᠶ᠋ᠢ ᠬᠠᠩᠭᠠᠬᠤ᠎ᠶ᠋ᠢᠨ ᠬᠠᠮᠲᠤ ᠪᠠᠰᠠ ᠣᠯᠠᠨ᠎ᠤ ᠶᠠᠪᠤᠵᠤ ᠰᠠᠭᠤᠬᠤ᠎ᠳᠤ ᠲᠥᠬᠥᠮ ᠦᠵᠡᠭᠦᠯᠬᠦ᠌᠎ᠶ᠋ᠢᠨ ᠲᠥᠯᠥᠭᠡ᠂《ᠬᠥᠬᠡᠬᠣᠲᠠ ᠺᠣᠳ᠋》ᠨᠢ ᠡᠷᠡᠭᠦᠯ ᠮᠡᠨᠳᠦ᠍᠎ᠶ᠋ᠢᠨ ᠺᠣᠳ᠋᠂ ᠬᠥᠬᠡᠬᠣᠲᠠ᠎ᠶ᠋ᠢᠨ ᠴᠠᠭ᠍ᠳᠠᠭᠠᠨ᠎ᠤ ᠺᠣᠳ᠋᠂ ᠠᠶᠠᠯᠠᠯ᠎ᠤᠨ ᠺᠣᠳ᠋᠂ ᠪᠥᠭᠡᠮ ᠬᠦᠴᠢᠯ᠎ᠦᠨ ᠪᠠᠢᠴᠠᠭᠠᠯᠳᠠ᠂ ᠸᠠᠺᠼᠢᠨ᠎ᠤ ᠲᠠᠷᠢᠯᠭ᠎ᠠ ᠵᠡᠷᠭᠡ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠣᠯᠪᠣᠭ᠍ᠳᠠᠯ ᠪᠥᠬᠥᠶ ᠲᠣᠭ᠎ᠠ ᠪᠠᠷᠢᠮᠲᠠ᠎ᠶ᠋ᠢ ᠨᠡᠢᠳᠭᠡᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠤᠯᠪᠤᠬᠳᠠᠯ ᠪᠥᠬᠥᠶ ᠮᠡᠳᠡᠭᠡ ᠵᠠᠩᠭᠢ᠎ᠶ᠋ᠢ ᠨᠢᠭᠡ ᠺᠣᠳ᠋᠎ᠢᠶᠠᠷ ᠪᠠᠢᠴᠠᠭᠠᠨ ᠯᠠᠪᠯᠠᠬᠤ᠂ ᠨᠢᠭᠡ ᠺᠣᠳ᠋᠎ᠢᠶᠠᠷ ᠦᠵᠡᠭᠦᠯᠬᠦ᠌᠎ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面