ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡ ᠨᠡᠢᠲᠡᠯᠡᠯ

2022-03-19 21:22:43

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

2022 ᠤᠨ᠎ᠤ 3 ᠰᠠᠷ᠎ᠠ᠎ᠶ᠋ᠢᠨ 18᠎ᠤ ᠡᠳᠦᠷ᠎ᠦᠨ 0 ᠴᠠᠭ ᠡᠴᠡ 24 ᠴᠠᠭ ᠪᠤᠯᠲᠠᠯᠠᠬᠢ ᠥᠪᠥᠷ ᠮᠣᠩᠭᠣᠯ ᠣᠷᠣᠨ᠎ᠳᠠᠬᠢ ᠱᠢᠨ᠎ᠡ ᠲᠢᠲᠢᠮᠯᠢᠭ ᠠᠭᠤᠰᠭᠢᠨ ᠦᠷᠪᠢᠰᠦᠯ ᠎ᠦᠨ ᠬᠢᠵᠢᠭ ᠎ᠦᠨ ᠪᠠᠢᠳᠠᠯ

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠳᠤ ᠲᠤᠬᠠᠶ᠎ᠶ᠋ᠢᠨ ᠭᠠᠵᠠᠷ᠎ᠤᠨ ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠳᠠᠭᠴᠢ 6 ᠨᠡᠮᠡᠭᠳᠡᠪᠡ᠂ ᠡᠭᠦᠨ ᠳ᠋ᠦ ᠬᠥᠬᠡᠬᠣᠲᠠ ᠳ᠋ᠦ 5᠂ ᠲᠦᠡᠭᠯᠢᠶᠤᠤ ᠬᠤᠳᠠ ᠳ᠋ᠦ 1 ᠪᠤᠢ᠃ ᠳᠤᠬᠠᠢ ᠵᠢᠨ ᠭᠠᠵᠠᠷ᠎ᠤᠨ 6 ᠳᠤᠳᠤᠯᠠᠭᠰᠠᠨ ᠡᠪᠡᠳᠴᠢᠨ ᠎ᠤ ᠵᠢᠱ᠌ᠢᠶ᠎ᠡ ᠢᠯᠡᠷᠢᠰᠢᠵᠤ ᠡᠮᠨᠡᠯᠭᠡ ᠡᠴᠡ ᠭᠠᠷᠪᠠ᠂ ᠡᠭᠦᠨ ᠳ᠋ᠤ ᠬᠥᠬᠡᠬᠣᠲᠠ ᠳ᠋ᠤ 3᠂ ᠪᠤᠭᠤᠲᠤ ᠬᠤᠲᠠ ᠳ᠋ᠤ 1᠂ ᠠᠯᠠᠱᠠ ᠠᠢᠮᠠᠭ ᠲᠦ᠍ 2 ᠪᠤᠢ᠃

3 ᠰᠠᠷ᠎ᠠ᠎ᠶ᠋ᠢᠨ 18 ᠎ᠤ ᠡᠳᠦᠷ ᠎ᠦᠨ 24 ᠴᠠᠭ ᠪᠣᠯᠲᠠᠯ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠣᠲᠣ ᠪᠠᠢᠭ᠎ᠠ ᠲᠤᠬᠠᠶ᠎ᠶ᠋ᠢᠨ ᠭᠠᠵᠠᠷ᠎ᠤᠨ ᠳᠣᠲᠣᠯᠠᠭ᠍ᠰᠠᠨ ᠡᠪᠡᠳᠴᠢᠨ᠎ᠦ ᠵᠢᠱ᠌ᠢᠶ᠎ᠡ 14 ᠪᠠᠢᠵᠦ᠂ ᠡᠬᠦᠨ ᠳ᠋ᠦ ᠬᠥᠬᠡᠬᠣᠲᠠ ᠳ᠋ᠦ 4᠂ ᠪᠤᠭᠤᠳᠦ ᠬᠤᠳᠠ ᠳ᠋ᠦ 3᠂ ᠬᠦᠯᠦᠨ ᠪᠤᠢᠷ ᠬᠤᠳᠠ ᠳ᠋ᠤ 2 ᠂ ᠳᠦᠡᠭᠯᠢᠶᠦᠦ ᠬᠤᠳᠠ ᠳ᠋ᠦ 4᠂ ᠤᠷᠳᠤᠰ ᠬᠤᠲᠠ ᠳ᠋ᠤ 1 ᠪᠤᠢ᠃ ᠳᠤᠬᠠᠢ ᠵᠢᠨ ᠭᠠᠵᠠᠷ᠎ᠤᠨ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭᠳᠠᠬᠴᠢ 12 ᠪᠠᠢᠵᠤ᠂ ᠡᠭᠦᠨ ᠳ᠋ᠦ ᠬᠥᠬᠡᠬᠣᠲᠠ ᠳ᠋ᠦ 7᠂ ᠳᠦᠡᠭᠯᠢᠶᠦᠦ ᠬᠤᠳᠠ ᠳ᠋ᠦ 4᠂ ᠪᠠᠶᠠᠨᠨᠠᠭᠤᠷ ᠬᠤᠳᠠ ᠳ᠋ᠤ 1 ᠪᠤᠢ᠃ ᠬᠢᠯᠢ ᠵᠢᠨ ᠭᠠᠳᠠᠨ᠎ᠠ ᠡᠴᠡ ᠤᠷᠤᠵᠤ ᠢᠷᠡᠭᠰᠡᠨ ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠳᠠᠭᠴᠢ 1(ᠤᠯᠠᠭᠠᠨᠬᠠᠳᠠ ᠬᠤᠳᠠ ᠳ᠋ᠦ) ᠪᠤᠢ᠃ ᠪᠦᠬᠦᠨ᠎ᠢ ᠲᠣᠭ᠍ᠲᠠᠭ᠍ᠰᠠᠨ ᠡᠮᠨᠡᠯᠭᠡ᠎ᠶ᠋ᠢᠨ ᠬᠣᠷᠢᠶ᠎ᠠ᠎ᠳᠤ ᠲᠤᠰᠠᠭᠠᠷᠯᠠᠨ ᠡᠮᠴᠢᠯᠡᠵᠦ᠍᠂ ᠨᠢᠭ᠍ᠲᠠ ᠣᠢᠷᠠᠲᠤᠭ᠍ᠰᠠᠳ᠎ᠢ᠎ᠨᠢ ᠴᠥᠮ ᠲᠣᠭ᠍ᠲᠠᠭ᠍ᠰᠠᠨ ᠭᠠᠵᠠᠷ ᠲᠥᠪᠯᠡᠷᠡᠭᠦᠯᠦᠨ ᠠᠨᠠᠭᠠᠬᠤ ᠤᠬᠠᠭᠠᠨ᠎ᠤ ᠠᠵᠢᠭ᠍ᠯᠠᠯᠲᠠ ᠬᠢᠵᠦ᠍᠂ ᠬᠢᠵᠢᠭ ᠲᠠᠷᠬᠠᠬᠤ᠎ᠶ᠋ᠢ ᠴᠢᠩᠭ᠎ᠠ ᠰᠡᠷᠭᠡᠢᠯᠡᠵᠦ᠍ ᠪᠣᠶ᠃

2 ᠰᠠᠷ᠎ᠠ᠎ᠶ᠋ᠢᠨ 15᠎ᠤ ᠡᠳᠦᠷ᠎ᠡᠴᠡ ᠨᠠᠭᠠᠰᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠮᠡᠳᠡᠭᠦᠯᠦᠭ᠌ᠰᠡᠨ ᠲᠤᠬᠠᠶ᠎ᠶ᠋ᠢᠨ ᠭᠠᠵᠠᠷ᠎ᠤᠨ ᠳᠣᠲᠣᠯᠠᠭ᠍ᠰᠠᠨ ᠡᠪᠡᠳᠴᠢᠨ᠎ᠦ ᠵᠢᠱ᠌ᠢᠶ᠎ᠡ ᠨᠡᠢᠲᠡ 482 ᠪᠠᠢᠵᠤ᠂ ᠡᠭᠦᠨ᠎ᠳᠦ ᠬᠥᠬᠡᠬᠣᠲᠠ ᠎ᠳᠤ 430᠂ ᠪᠤᠭᠤᠲᠤ ᠬᠣᠲᠠ᠎ᠳᠤ 25᠂ ᠬᠥᠯᠥᠨ ᠪᠣᠢᠷ ᠬᠣᠲᠠ᠎ᠳᠤ 15᠂ ᠲᠦᠡᠭᠯᠢᠶᠤᠤ ᠬᠤᠳᠠ ᠳ᠋ᠦ 4᠂ ᠤᠷᠳᠤᠰ ᠬᠤᠲᠠ ᠳ᠋ᠤ 3᠂ ᠪᠠᠶᠠᠨᠨᠠᠭᠤᠷ ᠬᠣᠲᠠ᠎ᠳᠤ 3᠂ ᠠᠯᠠᠱᠠ ᠠᠢᠮᠠᠬ ᠲᠤ᠌ 2 ᠪᠣᠶ᠃ ᠢᠯᠡᠷᠢᠰᠢᠵᠤ ᠡᠮᠨᠡᠯᠭᠡ᠎ᠡᠴᠡ ᠭᠠᠷᠤᠭ᠍ᠰᠠᠨ ᠡᠪᠡᠳᠴᠢᠲᠡᠨ ᠨᠡᠢᠲᠡ 468 ᠪᠠᠢᠨ᠎ᠠ᠂ ᠡᠭᠦᠨ᠎ᠳᠦ ᠬᠥᠬᠡᠬᠣᠲᠠ ᠎ᠳᠤ 426᠂ ᠪᠤᠭᠤᠲᠤ ᠬᠣᠲᠠ᠎ᠳᠤ 22᠂ ᠬᠥᠯᠥᠨ ᠪᠣᠢᠷ ᠬᠣᠲᠠ᠎ᠳᠤ 13᠂ ᠤᠷᠳᠤᠰ ᠬᠤᠳᠡ ᠳ᠋ᠤ 2 ᠂ ᠪᠠᠶᠠᠨᠨᠠᠭᠤᠷ ᠬᠣᠲᠠ᠎ᠳᠤ 3᠂ ᠠᠯᠠᠱᠠ ᠠᠢᠮᠠᠭ ᠲᠦ᠍ 2 ᠪᠣᠶ᠃

ᠢᠷᠡᠯᠳᠡ᠄ ᠦᠪᠦᠷ ᠮᠤᠡᠭᠭᠤᠯ᠎ᠤᠨ ᠡᠷᠡᠬᠦᠯ ᠬᠠᠮᠠᠭᠠᠯᠠᠯ ᠡᠷᠡᠬᠦᠯ ᠮᠡᠨᠳᠦ ᠵᠢᠨ ᠵᠦᠪᠯᠡᠯ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面