2022-03-22 10:08:15
3 ᠰᠠᠷ᠎ᠠ᠎ᠶ᠋ᠢᠨ 21 ᠤ᠋ ᠡᠳᠦᠷ᠎ᠦᠨ 10 ᠴᠠᠭ᠎ᠲᠤ᠂ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠡᠴᠡ᠂ 3 ᠰᠠᠷ᠎ᠠ᠎ᠶ᠋ᠢᠨ 20 ᠤ᠋ ᠡᠳᠦᠷ᠎ᠦᠨ 0 ᠴᠠᠭ᠎ᠡᠴᠡ 24 ᠴᠠᠭ ᠪᠣᠯᠲᠠᠯ᠎ᠠ᠂ ᠬᠥᠬᠡᠬᠣᠲᠠ᠎ᠳᠤ ᠲᠤᠬᠠᠢ᠎ᠶ᠋ᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯᠵᠢᠡᠷ ᠣᠨᠣᠱᠢᠯᠠᠭᠳᠠᠬᠰᠡᠨ ᠡᠪᠡᠳᠴᠢᠨ᠎ᠦ ᠵᠢᠱ᠌ᠢᠢ᠎ᠡ 2 ᠨᠡᠮᠡᠭ᠌ᠳᠡᠵᠦ᠍᠂ ᠲᠤᠬᠠᠢ᠎ᠶ᠋ᠢᠨ ᠭᠠᠵᠠᠷ᠎ᠤᠨ ᠡᠪᠡᠳᠴᠢᠨ᠎ᠦ ᠢᠯᠡᠷᠡᠯ ᠦᠭᠡᠢ ᠬᠠᠯᠳᠠᠪᠤᠷᠢᠯᠠᠭᠳᠠᠬᠴᠢ ᠱᠢᠨ᠎ᠡ᠎ᠪᠡᠷ 5 ᠨᠡᠮᠡᠭ᠌ᠳᠡᠵᠠᠢ ᠬᠡᠵᠦ ᠨᠠᠢᠳᠠᠯᠠᠪᠠ᠃
ᠱᠢᠨ᠎ᠡ᠎ᠪᠡᠷ ᠨᠡᠮᠡᠭ᠌ᠳᠡᠭ᠌ᠰᠡᠨ ᠡᠪᠡᠳᠴᠢᠨ᠎ᠦ ᠵᠢᠱ᠌ᠢᠶ᠎ᠡ᠎ᠨᠢ ᠴᠥᠮ ᠬᠣᠲᠣᠩ ᠠᠷᠠᠳ᠎ᠤᠨ ᠲᠣᠭᠣᠷᠢᠭ ᠲᠦ᠍ ᠪᠠᠢᠵᠤ᠂ ᠴᠥᠮ ᠲᠤᠰᠠᠭᠠᠷᠯᠠᠬᠤ ᠴᠡᠭ᠎ᠦᠨ ᠨᠢᠭ᠍ᠲᠠ ᠤᠢᠷᠠᠳᠤᠬᠰᠡᠳᠤᠨ ᠪᠥᠭᠡᠮ ᠬᠦᠴᠢᠯ᠎ᠦᠨ ᠪᠠᠢᠴᠠᠭᠠᠯᠲᠠ᠎ᠳᠤ ᠢᠯᠡᠷᠡᠭᠦᠯᠦᠭ᠌ᠰᠡᠨ ᠪᠠᠢᠨ᠎ᠠ᠃ ᠬᠥᠬᠡᠬᠣᠲᠠ᠎ᠶ᠋ᠢᠨ ᠲᠣᠰ ᠡᠭᠡᠯᠵᠢ᠎ᠶ᠋ᠢᠨ ᠬᠢᠵᠢᠭ᠎ᠦᠨ ᠪᠠᠢᠳᠠᠯ᠎ᠳᠤ ᠲᠤᠬᠠᠶ᠎ᠶ᠋ᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯᠵᠢᠡᠷ ᠤᠨᠤᠰᠢᠯᠠᠬᠳᠠᠬᠰᠡᠨ ᠡᠪᠡᠳᠴᠢᠨ᠎ᠦ ᠵᠢᠱ᠌ᠢᠶ᠎ᠡ ᠨᠡᠢᠳᠡ 432 ᠪᠠᠢᠵᠤ ᠂ ᠲᠤᠬᠠᠶ᠎ᠶ᠋ᠢᠨ ᠭᠠᠵᠠᠷ᠎ᠤᠨ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭᠳᠠᠬᠴᠢ 19 ᠪᠣᠶ᠃ᠣᠳᠣᠬᠠᠨ ᠪᠣᠯᠲᠠᠯ᠎ᠠ᠂3ᠰᠠᠷ᠎ᠠ᠎ᠶ᠋ᠢᠨ 12 ᠤ᠋ᠨ ᠡᠳᠦᠷ᠎ᠡᠴᠡ ᠡᠮᠦᠨ᠎ᠡ ᠣᠨᠣᠱᠢᠯᠠᠭᠳᠠᠬᠰᠡᠨ 427 ᠡᠪᠡᠳᠴᠢᠲᠡᠨ ᠴᠥᠮ ᠵᠠᠯᠭᠠᠭ᠎ᠠ᠎ᠪᠠᠷ ᠢᠯᠡᠷᠢᠰᠢᠵᠤ ᠡᠮᠨᠡᠯᠭᠡ᠎ᠡᠴᠡ ᠭᠠᠷᠪᠠ᠃ ᠪᠥᠬᠥ᠌ ᠬᠣᠲᠠ᠎ᠳᠤ ᠣᠲᠣ ᠲᠤᠬᠠᠶ᠎ᠶ᠋ᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢᠶᠡᠷ ᠣᠨᠣᠱᠢᠯᠠᠭ᠍ᠳᠠᠭ᠍ᠰᠠᠨ ᠡᠪᠡᠳᠴᠢᠨ᠎ᠤ ᠵᠢᠱ᠌ᠢᠶ᠎ᠠ 5᠂ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭ᠍ᠳᠠᠬᠴᠢ 19 ᠪᠠᠢᠵᠤ ᠂ ᠴᠥᠮ 3 ᠰᠠᠷ᠎ᠠ᠎ᠶ᠋ᠢᠨ 17 ᠤ᠋ ᠡᠳᠦᠷ᠎ᠡᠴᠡ ᠨᠠᠭᠠᠰᠢ ᠱᠢᠨ᠎ᠡ᠎ᠪᠡᠷ ᠢᠯᠡᠷᠡᠭᠦᠯᠦᠭ᠌ᠰᠡᠨ ᠬᠠᠯᠳᠠᠪᠤᠷᠢᠯᠠᠳᠠᠬᠰᠠᠳ ᠪᠣᠯᠤᠨ᠎ᠠ᠃
3 ᠰᠠᠷ᠎ᠠ᠎ᠶ᠋ᠢᠨ 21᠎ᠤ᠋ ᠡᠳᠦᠷ᠎ᠦᠨ 5 ᠴᠠᠭ᠎ᠡᠴᠡ ᠡᠬᠢᠯᠡᠨ᠂ ᠬᠥᠬᠡᠬᠣᠲᠠ ᠲᠤᠰᠠᠭᠠᠷᠯᠠᠭ᠍ᠰᠠᠨ ᠵᠣᠴᠢᠳ᠎ᠤᠨ ᠪᠠᠭᠤᠳᠠᠯ᠎ᠤᠨ ᠨᠢᠭ᠍ᠲᠠ ᠤᠢᠷᠠᠳᠤᠬᠰᠡᠳ᠂ ᠪᠢᠲᠡᠭᠦᠮᠵᠢᠯᠡᠨ ᠡᠵᠡᠮᠳᠡᠬᠦ᠌ ᠲᠣᠭᠣᠷᠢᠭ᠂ ᠬᠡᠷ᠎ᠲᠡᠬᠡᠨ ᠲᠤᠰᠠᠭᠠᠷᠯᠠᠬᠤ ᠬᠤᠭᠤᠴᠠᠭ᠎ᠠ᠎ᠨᠢ ᠬᠦᠢᠴᠡᠭᠡᠳᠤᠢ ᠨᠢᠭ᠍ᠲᠠ ᠤᠢᠷᠠᠳᠤᠬᠰᠡᠳ᠂ ᠲᠠᠮ ᠤᠢᠷᠠᠳᠤᠬᠰᠡᠳ᠂ ᠬᠤᠭᠤᠴᠠᠭ᠎ᠠ᠎ᠨᠢ ᠬᠦᠢᠴᠡᠭᠰᠡᠨ ᠪᠢᠲᠡᠭᠦᠮᠵᠢᠯᠡᠨ ᠡᠵᠡᠮᠳᠡᠬᠦ᠌ ᠲᠣᠭᠣᠷᠢᠭ᠂ ᠬᠠᠮᠢᠶᠠᠷᠤᠨ ᠡᠵᠡᠮᠳᠡᠬᠦ᠌ ᠲᠣᠭᠣᠷᠢᠭ᠎ᠤᠨ ᠬᠥᠮᠦᠰ᠂ ᠬᠣᠲᠣᠩ ᠠᠷᠠᠳ᠎ᠤᠨ ᠲᠣᠭᠣᠷᠢᠭ᠎ᠤᠨ ᠲᠦᠩ ᠳ᠋ᠤᠤ ᠵᠡᠭᠡᠯᠢ ᠭᠤᠳᠤᠮᠵᠢ ᠂ ᠵᠥᠩ ᠱᠠᠨ ᠵᠠᠮ ᠵᠡᠭᠡᠯᠢ ᠭᠤᠳᠤᠮᠵᠢ᠎ᠶ᠋ᠢᠨ ᠬᠡᠰᠡᠭ ᠣᠷᠣᠨ ᠪᠦᠰᠡ ᠵᠢᠴᠢ 3 ᠰᠠᠷ᠎ᠠ᠎ᠶ᠋ᠢᠨ 17 ᠤ᠋ ᠡᠳᠦᠷ᠎ᠡᠴᠡ ᠨᠠᠭᠠᠰᠢ ᠲᠠᠬᠤᠯ ᠡᠪᠡᠳᠴᠢᠨ᠎ᠤ ᠪᠠᠢᠴᠠᠭᠠᠯᠳᠠ ᠪᠡᠷ ᠪᠠᠢᠴᠠᠭᠠᠵᠤ ᠭᠠᠷᠭᠠᠬᠰᠡᠨ ᠨᠢᠭ᠍ᠲᠠ ᠤᠢᠷᠠᠳᠤᠬᠰᠡᠳᠤᠨ ᠰᠠᠭᠤᠵᠤ ᠪᠠᠢᠭ᠎ᠠ ᠰᠠᠭᠤᠭᠠᠯᠢ ᠠᠷᠠᠳ᠎ᠤᠨ ᠲᠤᠭᠤᠷᠢᠭ ᠳᠣᠲᠣᠷᠠᠬᠢ ᠪᠣᠶ ᠪᠥᠬᠥᠶ ᠰᠠᠭᠤᠭᠠᠯᠢ ᠠᠷᠠᠳ᠎ᠢ ᠦᠷᠭᠦᠯᠵᠢᠯᠡᠨ ᠵᠢᠭ᠍ᠰᠠᠭᠠᠨ ᠪᠠᠢᠴᠠᠭᠠᠵᠤ ᠪᠥᠭᠡᠮ ᠬᠦᠴᠢᠯ᠎ᠦᠨ ᠪᠠᠢᠴᠠᠭᠠᠯᠲᠠ ᠥᠷᠨᠢᠭᠦᠯᠪᠡ᠃ ᠪᠤᠰᠤᠳ ᠭᠠᠵᠠᠷ ᠣᠷᠣᠨ᠂ ᠬᠦᠮᠦᠰ ᠲᠤ᠌ ᠲᠦᠷ ᠪᠥᠭᠡᠮ ᠬᠦᠴᠢᠯ᠎ᠦᠨ ᠪᠠᠢᠴᠠᠭᠠᠯᠲᠠ ᠬᠢᠬᠦ᠌ ᠥᠬᠡᠶ᠃
3 ᠰᠠᠷ᠎ᠠ᠎ᠶ᠋ᠢᠨ 17 ᠤ᠋ ᠡᠳᠦᠷ᠎ᠡᠴᠡ 3 ᠰᠠᠷ᠎ᠠ᠎ᠶ᠋ᠢᠨ 20 ᠤ᠋ ᠡᠳᠦᠷ ᠪᠣᠯᠲᠠᠯ᠎ᠠ ᠂ ᠬᠥᠬᠡᠬᠣᠲᠠ᠎ᠳᠤ ᠤᠷᠢᠳ ᠬᠣᠵᠢᠳ 571 ᠨᠢᠭ᠍ᠲᠠ ᠣᠢᠷᠠᠲᠤᠭ᠍ᠴᠢ᠂ 1161 ᠲᠠᠮ ᠣᠢᠷᠠᠲᠤᠭ᠍ᠴᠢ ᠵᠢ ᠵᠢᠭ᠍ᠰᠠᠭᠠᠨ ᠪᠠᠢᠴᠠᠭᠠᠵᠤ᠂ ᠴᠥᠮ ᠲᠤᠰᠠᠭᠠᠷᠯᠠᠵᠤ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠪᠠ᠃ ᠬᠥᠬᠡᠬᠣᠲᠠ ᠡᠴᠡ ᠰᠠᠯᠤᠭᠰᠠᠨ 3 ᠨᠢᠭ᠍ᠲᠠ ᠤᠢᠷᠠᠳᠤᠭᠴᠢ᠂ 11 ᠳᠡᠮ ᠤᠢᠷᠠᠳᠤᠭᠴᠢ ᠵᠢ ᠵᠢᠭ᠍ᠰᠠᠭᠠᠨ ᠪᠠᠢᠴᠠᠭᠠᠵᠤ᠂ ᠴᠥᠮ ᠴᠠᠭ ᠲᠤᠬᠠᠶ᠎ᠳᠤᠨᠢ ᠬᠠᠮᠵᠢᠯᠴᠠᠨ ᠪᠠᠢᠴᠠᠭᠠᠬᠤ ᠵᠠᠬᠢᠳᠠᠯ ᠢᠯᠡᠭᠡᠵᠦ᠍ ᠵᠢᠭ᠍ᠰᠠᠭᠠᠨ ᠪᠠᠢᠴᠠᠭᠠᠵᠤ ᠬᠠᠮᠢᠶᠠᠷᠤᠨ ᠡᠵᠡᠮᠳᠡᠵᠦ᠍᠂ ᠬᠢᠵᠢᠭ᠎ᠦᠨ ᠭᠠᠳᠠᠭ᠍ᠰᠢ ᠬᠠᠯᠳᠠᠪᠤᠷᠢᠯᠠᠬᠤ᠎ᠶ᠋ᠢ ᠴᠢᠩᠭ᠎ᠠ ᠰᠡᠷᠭᠡᠢᠯᠡᠪᠡ᠃ ᠣᠳᠣᠬᠠᠨ᠎ᠳᠤ ᠲᠠᠬᠤᠯ ᠡᠪᠡᠳᠴᠢᠨ ᠤ᠋ ᠰᠤᠳᠤᠯᠤᠯ ᠤᠨ ᠪᠠᠢᠴᠠᠭᠠᠯᠳᠠ ᠭᠢᠵᠤ ᠡᠬᠢ ᠡᠭᠦᠰᠦᠯ ᠢ᠋ ᠮᠦᠷᠳᠡᠬᠦ ᠠᠵᠢᠯ ᠢ᠋ ᠮᠥᠨ ᠬᠥ᠌ ᠡᠮᠬᠢ ᠵᠢᠷᠤᠮ᠎ᠲᠠᠶ ᠶᠠᠪᠤᠭ᠍ᠳᠠᠭᠤᠯᠵᠤ ᠪᠠᠢᠨ᠎ᠠ᠃
2022 ᠣᠨ᠎ᠤ 2 ᠰᠠᠷ᠎ᠠ᠎ᠶ᠋ᠢᠨ 15 ᠤ᠋ ᠡᠳᠦᠷ᠎ᠡᠴᠡ ᠨᠠᠭᠠᠰᠢ ᠂ ᠬᠥᠬᠡᠬᠣᠲᠠ ᠤᠷᠢᠳ ᠬᠣᠵᠢᠳ 8 ᠦᠨᠳᠦᠷ ᠲᠦᠭ᠌ᠰᠢᠭᠦᠷᠢ ᠳᠡᠢ ᠣᠷᠣᠨ ᠪᠠ 94 ᠳᠤᠮᠳᠠ ᠲᠦᠭ᠌ᠰᠢᠭᠦᠷᠢ ᠳᠠᠢ ᠭᠠᠵᠠᠷ ᠣᠷᠣᠨ᠎ᠢ ᠲᠣᠭ᠍ᠲᠠᠭᠠᠪᠠ ᠂ ᠣᠳᠣᠬᠠᠨ᠎ᠳᠤ᠂ ᠬᠣᠲᠣᠩ ᠠᠷᠠᠳ᠎ᠤᠨ ᠲᠣᠭᠣᠷᠢᠭ᠎ᠤᠨ ᠲᠦᠩ ᠳ᠋ᠤᠤ ᠵᠡᠭᠡᠯᠢ ᠵᠢᠨ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠶᠢᠦ ᠢ ᠭᠤᠳᠤᠮᠵᠢ ᠵᠢᠨ ᠨᠡᠢᠭᠡᠮ ᠲᠣᠭᠣᠷᠢᠭ᠎ᠡᠴᠡ ᠭᠠᠳᠠᠨ᠎ᠠ᠂ ᠪᠤᠰᠤᠳ ᠢ᠋᠎ᠨᠢ ᠴᠥᠮ ᠤᠷᠢᠳ ᠬᠤᠵᠢᠳ ᠲᠤᠤᠷ᠎ᠠ ᠲᠦᠭ᠌ᠰᠢᠭᠦᠷᠢ ᠳᠠᠢ ᠭᠠᠵᠠᠷ ᠣᠷᠣᠨ ᠪᠣᠯᠭᠠᠨ ᠲᠣᠬᠢᠷᠠᠭᠤᠯᠪᠠ᠃ 3 ᠰᠠᠷ᠎ᠠ᠎ᠶ᠋ᠢᠨ 20᠎ᠤ᠋ ᠡᠳᠦᠷ᠎ᠦᠨ 24 ᠴᠠᠭ ᠪᠣᠯᠲᠠᠯ᠎ᠠ᠂ ᠪᠥᠬᠥ᠌ ᠬᠣᠲᠠ᠎ᠶ᠋ᠢᠨ 147 ᠪᠢᠲᠡᠭᠦᠮᠵᠢᠯᠡᠨ ᠡᠵᠡᠮᠳᠡᠬᠦ᠌ ᠣᠷᠣᠨ ᠤ᠋ 144 ᠵᠢ᠎ᠨᠢ ᠨᠢᠭᠡᠨᠳᠡ ᠬᠤᠷᠢᠭ᠎ᠠ ᠲᠠᠢᠯᠪᠠ; 136 ᠬᠠᠮᠢᠶᠠᠷᠤᠨ ᠡᠵᠡᠮᠳᠡᠬᠦ᠌ ᠣᠷᠣᠨ᠎ᠤ 134 ᠵᠢ ᠨᠢ ᠨᠢᠭᠡᠨᠲᠡ ᠬᠤᠷᠢᠭ᠎ᠠ ᠲᠠᠢᠯᠪᠠ᠃
ᠬᠢᠵᠢᠭ᠎ᠦᠨ ᠪᠠᠢᠳᠠᠯ᠎ᠢ ᠦᠨᠳᠦᠰᠦᠯᠡᠨ᠂ 3 ᠰᠠᠷ᠎ᠠ᠎ᠶ᠋ᠢᠨ 20 ᠤ᠋ ᠡᠳᠦᠷ᠎ᠦᠨ 24 ᠴᠠᠭ ᠪᠣᠯᠲᠠᠯ᠎ᠠ᠂ ᠪᠥᠬᠥ᠌ ᠬᠣᠲᠠ᠎ᠳᠤ ᠺᠣᠳ᠋ ᠢ ᠨᠢ ᠬᠤᠪᠢᠷᠠᠭᠤᠯᠤᠭᠰᠠᠨ ᠬᠥᠮᠦᠨ ᠨᠡᠢᠲᠡ 219593 ᠪᠠᠢᠵᠤ ᠂ ᠣᠲᠣᠬᠠᠨ ᠳ᠋ᠤ ᠤᠯᠠᠭᠠᠨ ᠺᠣᠳ᠋ ᠲᠠᠢ ᠬᠥᠮᠦᠨ 10652᠂ ᠱᠢᠷ᠎ᠠ ᠺᠣᠳ᠋ ᠲᠠᠢ ᠬᠥᠮᠦᠨ 11700 ᠪᠣᠶ᠃ ᠨᠡᠢᠲᠡ 241945 ᠬᠥᠮᠦᠨ᠎ᠳᠦ ᠺᠣᠳ᠋ ᠣᠯᠭᠣᠵᠤ ᠂ ᠡᠭᠦᠨ᠎ᠳᠦ 3 ᠰᠠᠷ᠎ᠠ᠎ᠶ᠋ᠢᠨ 20 ᠤ᠋ ᠡᠳᠦᠷ 186 ᠬᠥᠮᠦᠨ(53 ᠨᠢᠭ᠍ᠲᠠ ᠤᠢᠷᠠᠳᠤᠭᠴᠢ ᠂ 133 ᠲᠠᠮ ᠤᠢᠷᠠᠳᠤᠭᠴᠢ) ᠳ᠋ᠤ ᠺᠣᠳ᠋ ᠤᠯᠭᠤᠵᠠᠢ᠃
ᠬᠥᠬᠡᠬᠣᠲᠠ 9 ᠬᠣᠱᠢᠭᠤ ᠱᠢᠶᠠᠨ ᠲᠣᠭᠣᠷᠢᠭ᠎ᠲᠤ ᠸᠠᠺᠼᠢᠨ᠎ᠤ ᠲᠠᠷᠢᠯᠭ᠎ᠠ ᠲᠠᠷᠢᠬᠤ ᠠᠵᠢᠯ᠎ᠢ ᠦᠷᠭᠦᠯᠵᠢᠯᠡᠨ ᠰᠡᠷᠭᠦᠭᠡᠵᠦ ᠥᠷᠭᠡᠳᠭᠡᠪᠡ᠃ ᠸᠠᠺᠼᠢᠨ᠎ᠤ ᠲᠠᠷᠢᠯᠭ᠎ᠠ ᠲᠠᠷᠢᠬᠤ ᠠᠵᠢᠯ᠎ᠢ ᠰᠡᠷᠭᠦᠭᠡᠭ᠌ᠰᠡᠨ᠎ᠡᠴᠡ ᠨᠠᠭᠠᠰᠢ ᠂ 3 ᠰᠠᠷ᠎ᠠ᠎ᠶ᠋ᠢᠨ 20 ᠤ᠋ ᠡᠳᠦᠷ ᠪᠥᠬᠥ᠌ ᠬᠣᠲᠠ᠎ᠶ᠋ᠢᠨ ᠲᠣᠰ ᠡᠳᠦᠷ᠎ᠦᠨ ᠲᠠᠷᠢᠯᠭ᠎ᠠ ᠲᠠᠷᠢᠬᠰᠠᠨ ᠬᠡᠮᠵᠢᠶ᠎ᠡ ᠠᠩᠬ᠎ᠠ ᠤᠳᠠᠭ᠎ᠠ 8 ᠲᠦᠮᠡᠨ ᠤᠳᠠᠭ᠎ᠠ᠎ᠶ᠋ᠢ ᠳᠠᠪᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃