ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡ ᠨᠡᠢᠲᠡᠯᠡᠯ

2022-03-24 14:29:20

ᠵᠣᠬᠢᠶᠠᠭ᠍ᠴᠢ᠄ ​ ᠵᠧᠩ ᠱᠢᠤᠸᠠᠢ ᠯᠢᠶᠠᠩ ᠸᠠᠩ ᠶᠠ ᠵᠢᠩ ᠣᠩᠱᠢᠭ᠍ᠰᠠᠨ ᠣᠳᠠᠭ᠎ᠠ᠄ 3

3 ᠰᠠᠷ᠎ᠠ᠎ᠶ᠋ᠢᠨ 23 ᠎ᠤ᠋ ᠡᠳᠦᠷ᠎ᠦᠨ 10 ᠴᠠᠭ᠎ᠲᠤ᠂ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠡᠴᠡ ᠂ 3 ᠰᠠᠷ᠎ᠠ᠎ᠶ᠋ᠢᠨ 22 ᠤ᠋ᠨ ᠡᠳᠦᠷ᠎ᠦᠨ 0 ᠴᠠᠭ᠎ᠡᠴᠡ 24 ᠴᠠᠭ ᠪᠣᠯᠲᠠᠯ᠎ᠠ᠂ ᠬᠥᠬᠡᠬᠣᠲᠠ᠎ᠳᠤ ᠲᠤᠬᠠᠢ᠎ᠶ᠋ᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ ᠵᠢᠡᠷ ᠣᠨᠣᠱᠢᠯᠠᠭᠳᠠᠬᠰᠡᠨ ᠡᠪᠡᠳᠴᠢᠨ᠎ᠦ ᠵᠢᠱ᠌ᠢᠢ᠎ᠡ᠂ ᠰᠡᠵᠢᠭ᠌ᠯᠡᠯᠲᠡᠢ ᠡᠪᠡᠳᠴᠢᠨ᠎ᠦ ᠵᠢᠱ᠌ᠢᠢ᠎ᠡ ᠵᠢᠴᠢ ᠡᠪᠡᠳᠴᠢᠨ᠎ᠦ ᠢᠯᠡᠷᠡᠯ ᠦᠭᠡᠢ ᠬᠠᠯᠳᠠᠪᠤᠷᠢᠯᠠᠭ᠍ᠳᠠᠬᠴᠢ ᠰᠢᠨ᠎ᠠ ᠪᠡᠷ ᠨᠡᠮᠡᠭᠳᠡᠭᠰᠡᠨ ᠦᠭᠡᠢ ᠪᠠᠢᠵᠤ᠂ ᠱᠢᠨ᠎ᠡ᠎ᠪᠡᠷ ᠨᠡᠮᠡᠭ᠌ᠳᠡᠭᠰᠡᠨ ᠡᠪᠡᠳᠴᠢᠨ᠎ᠦ ᠵᠢᠱ᠌ᠢᠢ᠎ᠡ ᠵᠢ ᠳᠠᠷᠤᠢ ᠲᠦᠷᠬᠡᠨ ᠦᠭᠡᠢ ᠪᠤᠯᠭᠠᠵᠠᠢ ᠭᠡᠵᠤ ᠨᠠᠢᠳᠠᠯᠠᠪᠠ᠃

2 ᠰᠠᠷ᠎ᠠ᠎ᠶ᠋ᠢᠨ 15 ᠎ᠤ᠋ ᠡᠳᠦᠷ᠎ᠡᠴᠡ ᠨᠠᠭᠠᠰᠢ᠂ ᠬᠥᠬᠡᠬᠣᠲᠠ᠎ᠶ᠋ᠢᠨ᠎ᠬᠢᠨ ᠲᠤᠬᠠᠶ᠎ᠶ᠋ᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ ᠵᠢᠡᠷ ᠤᠨᠤᠰᠢᠯᠠᠬᠳᠠᠬᠰᠡᠨ ᠡᠪᠡᠳᠴᠢᠨ᠎ᠦ ᠵᠢᠱ᠌ᠢᠶ᠎ᠡ᠎ᠶ᠋ᠢ ᠨᠡᠢᠲᠡ 433 ᠮᠡᠳᠡᠭᠦᠯᠵᠦ᠍᠂ ᠲᠤᠬᠠᠶ᠎ᠶ᠋ᠢᠨ ᠭᠠᠵᠠᠷ᠎ᠤᠨ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭᠳᠠᠬᠴᠢ 21 ᠪᠠᠢᠨ᠎ᠠ᠃ 3 ᠰᠠᠷ᠎ᠠ᠎ᠶ᠋ᠢᠨ 22 ᠎ᠤ᠋ᠨ ᠡᠳᠦᠷ 2 ᠣᠨᠣᠱᠢᠯᠠᠭ᠍ᠳᠠᠭ᠍ᠰᠠᠨ ᠡᠪᠡᠳᠴᠢᠨ᠎ᠤ ᠵᠢᠱ᠌ᠢᠶ᠎ᠠ ᠢᠯᠡᠷᠢᠰᠢᠵᠤ ᠡᠮᠨᠡᠯᠭᠡ᠎ᠡᠴᠡ ᠭᠠᠷᠪᠠ᠃ ᠣᠲᠤᠬᠠᠨ ᠪᠣᠯᠲᠠᠯ᠎ᠠ᠂ ᠪᠥᠬᠥ᠌ ᠬᠣᠲᠠ᠎ᠳᠤ ᠣᠲᠣ ᠪᠠᠢᠭ᠎ᠠ ᠲᠤᠬᠠᠶ᠎ᠶ᠋ᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢᠶᠡᠷ ᠣᠨᠣᠱᠢᠯᠠᠭ᠍ᠳᠠᠭ᠍ᠰᠠᠨ ᠡᠪᠡᠳᠴᠢᠨ᠎ᠤ ᠵᠢᠱ᠌ᠢᠶ᠎ᠠ 4᠂ ᠲᠤᠬᠠᠶ᠎ᠶ᠋ᠢᠨ ᠭᠠᠵᠠᠷ᠎ᠤᠨ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭᠳᠠᠬᠴᠢ 21 ᠪᠠᠢᠵᠤ ᠂ ᠴᠥᠮ 3 ᠰᠠᠷ᠎ᠠ᠎ᠶ᠋ᠢᠨ 17 ᠎ᠤ᠋ ᠡᠳᠦᠷ᠎ᠡᠴᠡ ᠨᠠᠭᠠᠰᠢ ᠱᠢᠨ᠎ᠡ᠎ᠪᠡᠷ ᠢᠯᠡᠷᠡᠭᠦᠯᠦᠭ᠌ᠰᠡᠨ ᠬᠠᠯᠳᠠᠪᠤᠷᠢᠯᠠᠭ᠍ᠳᠠᠬᠰᠠᠳ ᠪᠣᠯᠤᠨ᠎ᠠ᠃

ᠲᠠᠬᠤᠯ ᠡᠪᠡᠳᠴᠢᠨ᠎ᠤ ᠰᠤᠳᠤᠯᠤᠯ ᠎ᠤᠨ ᠪᠠᠢᠴᠠᠭᠠᠯᠲᠠ ᠬᠢᠵᠤ ᠡᠬᠢ ᠡᠬᠦᠰᠤᠯ᠎ᠢ ᠨᠢ ᠮᠦᠷᠳᠡᠭᠰᠡᠨ᠎ᠤ ᠦᠷ᠎ᠡ ᠳ᠋ᠦᠩ᠎ᠳᠦ ᠢᠯᠡᠷᠡᠭᠦᠯᠦᠭ᠌ᠰᠡᠨ᠎ᠢᠶᠡᠷ᠂ ᠲᠣᠰ ᠤᠳᠠᠭ᠎ᠠ ᠵᠢᠨ ᠬᠣᠲᠣᠩ ᠠᠷᠠᠳ᠎ᠤᠨ ᠲᠣᠭᠣᠷᠢᠭ᠎ᠤᠨ ᠬᠢᠵᠢᠭ᠎ᠦᠨ ᠪᠠᠢᠳᠠᠯ᠎ᠳᠤ ᠮᠠᠰᠢ ᠢᠯᠡᠷᠬᠡᠶ ᠴᠤᠭ᠍ᠯᠠᠷᠠᠯ᠎ᠤᠨ ᠴᠢᠨᠠᠷᠲᠠᠶ ᠣᠨᠴᠠᠯᠢᠭ᠎ᠢᠯᠡᠷᠡᠵᠦ᠂ 27 ᠣᠨᠣᠱᠢᠯᠠᠭ᠍ᠳᠠᠭ᠍ᠰᠠᠨ ᠡᠪᠡᠳᠴᠢᠨ᠎ᠤ ᠵᠢᠱ᠌ᠢᠶ᠎ᠠ ᠪᠠ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭ᠍ᠳᠠᠬᠴᠢ ᠵᠢᠨ ᠳᠣᠲᠣᠷ᠎ᠠ 20 ᠡᠪᠡᠳᠴᠢᠨ᠎ᠤ ᠵᠢᠱ᠌ᠢᠶ᠎ᠠ ᠨᠢ 6 ᠬᠡᠷ ᠪᠦᠯᠢ ᠪᠠ 2 ᠪᠠᠢᠷᠢ᠎ᠶ᠋ᠢᠨ ᠬᠡᠷ᠎ᠲᠦ ᠲᠥᠪᠯᠡᠷᠡᠵᠦ᠍᠂ 7 ᠡᠪᠡᠳᠴᠢᠨ᠎ᠤ ᠵᠢᠱ᠌ᠢᠶ᠎ᠠ ᠨᠢ ᠬᠠᠮᠲᠤ ᠠᠵᠢᠯᠯᠠᠭ᠍ᠴᠢ᠂ ᠬᠥᠷᠰᠢ ᠰᠠᠭᠠᠬᠠᠯᠲᠠ ᠪᠤᠶᠤ ᠨᠢᠭ᠍ᠲᠠ ᠣᠢᠷᠠᠲᠤᠭ᠍ᠰᠠᠳ ᠪᠣᠯᠤᠨ᠎ᠠ᠃ ᠠᠵᠢᠯ ᠠᠮᠢᠳᠤᠷᠠᠯ᠎ᠤᠨ ᠲᠠᠯᠠᠪᠤᠷ᠎ᠡᠴᠡ ᠦᠵᠡᠪᠡᠯ᠂ 10 ᠨᠢ ᠨᠢᠭᠡ ᠠᠰᠠᠷ᠎ᠤᠨ ᠨᠢᠭᠡ ᠤᠷᠤᠴᠠ᠎ᠳᠦ ᠰᠠᠭᠤᠭ᠎ᠠ ᠡᠷᠦᠬᠡ᠂ 12 ᠨᠢ ᠬᠠᠮᠲᠤ ᠰᠤᠷᠤᠯᠴᠠᠵᠤ ᠪᠠᠢᠭ᠎ᠠ ᠬᠠᠮᠲᠤ ᠠᠵᠢᠯᠲᠠᠨ ᠪᠠ ᠬᠠᠮᠲᠤ ᠰᠤᠷᠤᠯᠭᠠᠲᠠᠨ ᠪᠣᠯᠤᠨ᠎ᠠ᠃ ᠣᠳᠣᠬᠠᠨ᠎ᠳᠤ ᠠᠩᠬ᠎ᠠ ᠠᠯᠬᠤᠮ ᠵᠠᠳᠠᠯᠤᠨ ᠰᠤᠳᠤᠯᠵᠦ ᠮᠠᠭᠠᠳᠯᠠᠵᠤ ᠪᠠᠢᠭ᠎ᠠ ᠬᠠᠯᠳᠠᠪᠤᠷᠢᠯᠠᠯ᠎ᠤᠨ ᠬᠡᠯᠬᠢᠶ᠎ᠡ ᠪᠣᠯ᠂ 1 ᠨᠣᠮᠧᠷᠲᠤ ᠣᠨᠣᠱᠢᠯᠠᠭ᠍ᠳᠠᠭ᠍ᠰᠠᠨ ᠡᠪᠡᠳᠴᠢᠨ᠎ᠤ ᠵᠢᠱ᠌ᠢᠶ᠎ᠠ ᠨᠢ ᠬᠡᠷ ᠪᠦᠯᠢ᠎ᠶ᠋ᠢᠨ ᠪᠦᠷᠢᠯᠳᠦᠬᠦᠨ(2 ᠨᠣᠮᠧᠷᠲᠤ ᠣᠨᠣᠱᠢᠯᠠᠭ᠍ᠳᠠᠭ᠍ᠰᠠᠨ ᠡᠪᠡᠳᠴᠢᠨ᠎ᠤ ᠵᠢᠱ᠌ᠢᠶ᠎ᠠ)ᠪᠠ ᠬᠥᠷᠰᠢ ᠰᠠᠭᠠᠬᠠᠯᠳᠠ(3 ᠨᠣᠮᠧᠷᠲᠤ ᠣᠨᠣᠱᠢᠯᠠᠭ᠍ᠳᠠᠭ᠍ᠰᠠᠨ ᠡᠪᠡᠳᠴᠢᠨ᠎ᠤ ᠵᠢᠱ᠌ᠢᠶ᠎ᠠ)ᠳ᠋ᠠᠭᠠᠨ ᠬᠢᠵᠢᠭ᠎ᠢ ᠬᠠᠯᠳᠠᠪᠤᠷᠢᠯᠠᠭᠤᠯᠵᠤ᠂ ᠳᠠᠷᠠᠭ᠎ᠠ ᠨᠢ ᠲᠣᠰ ᠲᠣᠰ᠎ᠤᠨ ᠲᠥᠷᠥᠯ ᠰᠠᠳᠤᠨ ᠪᠠ ᠨᠠᠢᠵᠠ ᠨᠥᠬᠥᠳ᠎ᠲᠡᠬᠡᠨ ᠬᠠᠯᠳᠠᠪᠤᠷᠢᠯᠠᠭᠤᠯᠵᠤ᠂ ᠡᠭᠦᠨ᠎ᠦ ᠤᠯᠠᠮ ᠵᠢᠡᠷ ᠬᠠᠮᠲᠤ ᠠᠵᠢᠯᠲᠠᠨ ᠪᠠ ᠬᠠᠮᠲᠤ ᠰᠤᠷᠤᠯᠭᠠᠲᠠᠨ ᠵᠡᠷᠭᠡ ᠨᠢᠭ᠍ᠲᠠ ᠣᠢᠷᠠᠲᠤᠭ᠍ᠰᠠᠳ᠎ᠢᠶᠠᠷ ᠳᠠᠮᠵᠢᠭᠤᠯᠤᠨ ᠬᠠᠯᠳᠠᠪᠤᠷᠢᠯᠡᠯ᠎ᠢ ᠦᠷᠭᠡᠳᠭᠡᠭᠰᠡᠨ ᠪᠠᠢᠨ᠎ᠠ᠃ ᠭᠧᠨ᠎ᠦ ᠳᠠᠷᠠᠭᠠᠯᠠᠯ ᠎ᠤᠨ ᠬᠡᠮᠵᠢᠯᠲᠡ᠎ᠪᠡᠷ ᠳᠡᠮᠵᠢᠨ᠂ ᠲᠣᠰ ᠤᠳᠠᠭ᠎ᠠ ᠵᠢᠨ ᠬᠣᠲᠣᠩ ᠠᠷᠠᠳ᠎ᠤᠨ ᠲᠣᠭᠣᠷᠢᠭ᠎ᠤᠨ ᠱᠢᠨ᠎ᠡ᠎ᠪᠡᠷ ᠡᠭᠦᠰᠦᠭ᠌ᠰᠡᠨ ᠬᠢᠵᠢᠭ᠎ᠦᠨ ᠪᠠᠢᠳᠠᠯ᠎ᠨᠢ ᠬᠥᠬᠡᠬᠣᠲᠠ᠎ᠶ᠋ᠢᠨ 2 ᠰᠠᠷ᠎ᠠ᠎ᠶ᠋ᠢᠨ 15 ᠎ᠤ᠋ ᠡᠳᠦᠷ ᠡᠭᠦᠰᠦᠭ᠌ᠰᠡᠨ ᠬᠢᠵᠢᠭ᠎ᠦᠨ ᠪᠠᠢᠳᠠᠯ᠎ᠤᠨ ᠭᠧᠨ᠎ᠦ ᠪᠦᠯᠦᠭ᠎ᠲᠡᠶ ᠳᠡᠭᠡᠳᠦ ᠬᠡᠮᠵᠢᠶ᠎ᠡ᠎ᠪᠡᠷ ᠢᠷᠡᠯᠲᠡ᠎ᠨᠢᠬᠡᠲᠡᠶ ᠪᠠᠢᠵᠤ᠂ ᠴᠥᠮ ᠳ᠋ᠸᠷᠲ᠋ᠠ᠎ᠶ᠋ᠢᠨ ᠤᠨᠳᠤᠤᠱᠢᠬᠰᠡᠨ ᠸᠢᠷᠦ᠋ᠰ᠎ᠤᠨ ᠰᠠᠭᠤᠷᠢ᠎ᠳᠤ ᠬᠠᠷᠢᠶᠠᠯᠠᠭ᠍ᠳᠠᠨ᠎ᠠ᠃ ᠲᠣᠰ ᠤᠳᠠᠭ᠎ᠠ ᠵᠢᠨ ᠬᠢᠵᠢᠭ᠎ᠦᠨ ᠪᠠᠢᠳᠠᠯ᠎ᠳᠤ ᠠᠩᠬᠠᠨ᠎ᠤ ᠡᠪᠡᠳᠴᠢᠨ᠎ᠤ ᠵᠢᠱ᠌ᠢᠶ᠎ᠠ ᠡᠴᠨ ᠪᠤᠰᠤᠳ ᠱᠢᠨ᠎ᠡ᠎ᠪᠡᠷ ᠨᠡᠮᠡᠭ᠌ᠳᠡᠭ᠌ᠰᠡᠨ ᠡᠪᠡᠳᠴᠢᠨ᠎ᠦ ᠵᠢᠱ᠌ᠢᠶ᠎ᠡ ᠪᠠ ᠬᠠᠯᠳᠠᠪᠤᠷᠢᠯᠠᠭᠳᠠᠬᠰᠡᠳ᠎ᠢ ᠴᠥᠮ ᠬᠠᠮᠢᠶᠠᠷᠤᠨ ᠡᠵᠡᠮᠳᠡᠬᠦ᠌ ᠬᠦᠮᠦᠰ᠎ᠤᠨ ᠳᠣᠲᠣᠷ᠎ᠠ᠎ᠡᠴᠡ ᠢᠯᠡᠷᠡᠬᠦᠯᠵᠠᠢ᠃

3 ᠰᠠᠷ᠎ᠠ᠎ᠶ᠋ᠢᠨ 17 ᠎ᠤ᠋ ᠡᠳᠦᠷ᠎ᠡᠴᠡ ᠨᠠᠭᠠᠰᠢ᠂ ᠬᠥᠬᠡᠬᠣᠲᠠ᠎ᠳᠤ ᠣᠨᠣᠱᠢᠯᠠᠭ᠍ᠳᠠᠬᠰᠡᠨ ᠡᠪᠡᠳᠴᠢᠨ᠎ᠦ ᠵᠢᠱ᠌ᠢᠶ᠎ᠡ ᠪᠠ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭ᠍ᠳᠠᠬᠰᠡᠳ᠎ᠢ ᠲᠠᠷᠤᠢ ᠲᠦᠷᠬᠡᠨ ᠦᠭᠡᠢ ᠪᠤᠯᠭᠠᠬᠤ ᠵᠢ ᠠᠩᠬ᠎ᠠ ᠤᠳᠠᠭ᠎ᠠ ᠪᠡᠶᠡᠯᠡᠭᠦᠯᠦᠭ᠌ᠰᠡᠨ ᠪᠣᠯᠪᠠᠴᠤ᠌ ᠬᠢᠵᠢᠭ᠎ᠦᠨ ᠪᠠᠢᠳᠠᠯ ᠮᠥᠨ ᠬᠦ᠌ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠢᠨ᠎ᠠ᠃ ᠨᠢᠭᠡᠨᠲᠡ ᠠᠵᠢᠯ᠎ᠢᠶᠠᠨ ᠰᠡᠷᠭᠦᠭᠡᠵᠦ᠍᠂ ᠦᠶ᠋ᠯᠡᠳᠪᠦᠷᠢᠯᠡᠯ᠎ᠢᠶᠡᠨ ᠰᠡᠷᠭᠦᠭᠡᠭ᠌ᠰᠡᠨ ᠬᠥᠮᠦᠰ᠎ᠲᠤ ᠴᠤᠭ᠍ᠯᠠᠷᠠᠬᠤ ᠪᠠ ᠨᠠᠭᠠᠰᠢ ᠴᠠᠭᠠᠰᠢ ᠶᠠᠪᠤᠬᠤ ᠪᠠᠨ ᠵᠠᠪᠠᠯ ᠴᠦᠬᠡᠳᠬᠡᠵᠦ᠂ ᠠᠯᠢ ᠴᠢᠳᠠᠬᠤ᠎ᠪᠠᠷ ᠰᠠᠭᠤᠭ᠎ᠠ ᠭᠠᠵᠠᠷ ᠪᠠ ᠠᠵᠢᠯᠯᠠᠬᠤ ᠭᠠᠵᠠᠷ ᠎ᠤᠨ ᠬᠤᠭᠤᠷᠤᠨᠳᠤ ᠪᠡᠨ ᠯᠨ ᠶᠠᠪᠤᠵᠤ ᠰᠠᠭᠤᠬᠤ ᠵᠢ ᠰᠠᠨᠠᠭᠤᠯᠵᠦ ᠪᠤᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面