ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡ ᠨᠡᠢᠲᠡᠯᠡᠯ

2022-03-27 21:31:05

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠥᠪᠥᠷ ᠮᠣᠩᠭᠣᠯ ᠣᠷᠣᠨ᠎ᠳᠠᠬᠢ ᠱᠢᠨ᠎ᠡ ᠲᠢᠲᠢᠮᠯᠢᠭ ᠠᠭᠤᠰᠭᠢᠨ ᠦᠷᠪᠢᠰᠦᠯ ᠎ᠦᠨ ᠬᠢᠵᠢᠭ ᠎ᠦᠨ ᠪᠠᠢᠳᠠᠯ

2022 ᠤᠨ᠎ᠤ 3 ᠰᠠᠷ᠎ᠠ᠎ᠶ᠋ᠢᠨ 26᠎ᠤ ᠡᠳᠦᠷ᠎ᠦᠨ 0 ᠴᠠᠭ ᠡᠴᠡ 24 ᠴᠠᠭ ᠪᠣᠯᠲᠠᠯ᠎ᠠ᠄

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠳᠤᠬᠠᠢ ᠵᠢᠨ ᠭᠠᠵᠠᠷ᠎ᠤᠨ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭᠳᠠᠬᠴᠢ 2 ᠨᠡᠮᠡᠭ᠌ᠳᠡᠵᠦ᠂ ᠴᠦᠮ ᠬᠥᠬᠡᠬᠣᠲᠠ᠎ᠳ᠋ᠦ (ᠪᠢᠳᠡᠬᠦᠮᠵᠢᠯᠡᠭᠰᠡᠨ ᠭᠠᠵᠠᠷ᠎ᠤᠨ ᠨᠢᠬᠳᠠ ᠤᠢᠷᠠᠳᠤᠬᠴᠢ ᠵᠢ ᠰᠢᠭᠰᠢᠨ ᠪᠠᠢᠴᠠᠭᠠᠬᠤ ᠲᠤᠮᠳᠠ ᠢᠯᠡᠷᠡᠵᠡᠢ)ᠪᠤᠢ᠃ ᠳᠤᠬᠠᠢ ᠵᠢᠨ ᠭᠠᠵᠠᠷ ᠎ᠤᠨ 3 ᠤᠨᠤᠱᠢᠯᠠᠭ᠍ᠳᠠᠭ᠍ᠰᠠᠨ ᠡᠪᠡᠳᠴᠢᠨ᠎ᠤ ᠵᠢᠱ᠌ᠢᠶ᠎ᠡ ᠢᠯᠡᠷᠢᠰᠢᠵᠤ ᠡᠮᠨᠡᠯᠭᠡ᠎ᠡᠴᠡ ᠭᠠᠷᠴᠦ᠂ ᠡᠬᠦᠨ ᠳ᠋ᠦ ᠬᠦᠬᠡᠬᠤᠳᠠ ᠳ᠋ᠦ 2 ᠂ ᠬᠦᠯᠦᠨ ᠪᠦᠢᠷ ᠬᠤᠳᠠ ᠳ᠋ᠦ 1 ᠪᠤᠢ᠃

3 ᠰᠠᠷ᠎ᠠ᠎ᠶ᠋ᠢᠨ 26᠎ᠤ ᠡᠳᠦᠷ᠎ᠦᠨ 24 ᠴᠠᠭ ᠪᠣᠯᠲᠠᠯ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠣᠲᠣ ᠪᠠᠢᠭ᠎ᠠ ᠲᠤᠬᠠᠶ᠎ᠶ᠋ᠢᠨ ᠭᠠᠵᠠᠷ᠎ᠤᠨ ᠤᠨᠤᠱᠢᠯᠠᠭ᠍ᠳᠠᠭ᠍ᠰᠠᠨ ᠡᠪᠡᠳᠴᠢᠨ᠎ᠦ ᠵᠢᠱ᠌ᠢᠶ᠎ᠡ 11 ᠪᠠᠢᠵᠦ᠂ ᠡᠬᠦᠨ ᠳ᠋ᠦ ᠬᠥᠬᠡᠬᠣᠲᠠ ᠳ᠋ᠦ 5᠂ ᠲᠦᠡᠭᠯᠢᠶᠤᠤ ᠬᠤᠳᠠ ᠳ᠋ᠦ 6 ᠪᠤᠢ᠃ ᠳᠤᠬᠠᠢ ᠵᠢᠨ ᠭᠠᠵᠠᠷ᠎ᠤᠨ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭᠳᠠᠬᠴᠢ 29 ᠪᠠᠢᠵᠤ᠂ ᠡᠬᠦᠨ ᠳ᠋ᠦ ᠬᠥᠬᠡᠬᠣᠲᠠ ᠳ᠋ᠦ 21᠂ ᠲᠦᠡᠭᠯᠢᠶᠤᠤ ᠬᠤᠳᠠ ᠳ᠋ᠦ 8 ᠪᠤᠢ᠃ ᠬᠢᠯᠢ ᠵᠢᠨ ᠭᠠᠳᠠᠨ᠎ᠠ ᠡᠴᠡ ᠤᠷᠤᠵᠦ ᠢᠷᠡᠭᠰᠡᠨ ᠡᠪᠡᠳᠴᠢᠨ᠎ᠤ ᠢᠯᠡᠷᠡᠯ ᠦᠭᠡᠢ ᠬᠠᠯᠳᠠᠪᠦᠷᠢᠯᠠᠬᠳᠠᠬᠴᠢ 1(ᠤᠯᠠᠭᠠᠨᠬᠠᠳᠠ ᠬᠤᠳᠠ ᠳ᠋ᠦ)ᠪᠤᠢ᠃ ᠪᠦᠬᠦᠨ᠎ᠢ ᠲᠣᠭ᠍ᠲᠠᠭ᠍ᠰᠠᠨ ᠡᠮᠨᠡᠯᠭᠡ᠎ᠶ᠋ᠢᠨ ᠬᠣᠷᠢᠶ᠎ᠠ ᠎ᠳᠤ ᠲᠤᠰᠠᠭᠠᠷᠯᠠᠨ ᠡᠮᠴᠢᠯᠡᠵᠦ᠍᠂ ᠨᠢᠭ᠍ᠲᠠ ᠣᠢᠷᠠᠲᠤᠭ᠍ᠰᠠᠳ᠎ᠢ᠎ᠨᠢ ᠴᠥᠮ ᠲᠣᠭ᠍ᠲᠠᠭ᠍ᠰᠠᠨ ᠭᠠᠵᠠᠷ ᠲᠥᠪᠯᠡᠷᠡᠭᠦᠯᠦᠨ ᠠᠨᠠᠭᠠᠬᠤ ᠤᠬᠠᠭᠠᠨ᠎ᠤ ᠠᠵᠢᠭ᠍ᠯᠠᠯᠲᠠ ᠬᠢᠵᠦ᠍᠂ ᠬᠢᠵᠢᠭ ᠲᠠᠷᠬᠠᠬᠤ᠎ᠶ᠋ᠢ ᠴᠢᠩᠭ᠎ᠠ ᠰᠡᠷᠭᠡᠢᠯᠡᠵᠦ᠍ ᠪᠣᠶ᠃

2 ᠰᠠᠷ᠎ᠠ᠎ᠶ᠋ᠢᠨ 15᠎ᠤ ᠡᠳᠦᠷ᠎ᠡᠴᠡ ᠨᠠᠭᠠᠰᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠮᠡᠳᠡᠭᠦᠯᠦᠭ᠌ᠰᠡᠨ ᠲᠤᠬᠠᠶ᠎ᠶ᠋ᠢᠨ ᠭᠠᠵᠠᠷ᠎ᠤᠨ ᠤᠨᠤᠱᠢᠯᠠᠭ᠍ᠳᠠᠭ᠍ᠰᠠᠨ ᠡᠪᠡᠳᠴᠢᠨ᠎ᠦ ᠵᠢᠱ᠌ᠢᠶ᠎ᠡ ᠨᠡᠢᠲᠡ 490 ᠪᠠᠢᠵᠤ᠂ ᠡᠭᠦᠨ᠎ᠳᠦ ᠬᠥᠬᠡᠬᠣᠲᠠ᠎ᠳᠤ 436 ᠂ ᠪᠤᠭᠤᠲᠤ ᠬᠣᠲᠠ᠎ᠳᠤ 25 ᠂ ᠬᠥᠯᠥᠨ ᠪᠣᠢᠷ ᠬᠣᠲᠠ᠎ᠳᠤ 15᠂ ᠲᠦᠡᠭᠯᠢᠶᠤᠤ ᠬᠤᠳᠠ ᠳ᠋ᠦ 6᠂ ᠤᠷᠳᠤᠰ ᠬᠤᠳᠠ ᠳ᠋ᠦ 3᠂ ᠪᠠᠶᠠᠨᠨᠠᠭᠤᠷ ᠬᠣᠲᠠ᠎ᠳᠤ 3᠂ ᠠᠯᠠᠱᠠ ᠠᠢᠮᠠᠭ ᠲᠤ᠌ 2 ᠪᠣᠶ᠃ ᠢᠯᠡᠷᠢᠰᠢᠵᠤ ᠡᠮᠨᠡᠯᠭᠡ᠎ᠡᠴᠡ ᠭᠠᠷᠤᠭ᠍ᠰᠠᠨ ᠡᠪᠡᠳᠴᠢᠲᠡᠨ ᠨᠡᠢᠲᠡ 479 ᠪᠠᠢᠨ᠎ᠠ᠂ ᠡᠭᠦᠨ᠎ᠳᠦ ᠬᠥᠬᠡᠬᠣᠲᠠ᠎ᠳᠤ 431᠂ ᠪᠤᠭᠤᠲᠤ ᠬᠣᠲᠠ᠎ᠳᠤ 25 ᠂ ᠬᠥᠯᠥᠨ ᠪᠣᠢᠷ ᠬᠣᠲᠠ᠎ᠳᠤ 15 ᠂ ᠤᠷᠳᠤᠰ ᠬᠤᠳᠠ ᠳ᠋ᠦ 3᠂ ᠪᠠᠶᠠᠨᠨᠠᠭᠤᠷ ᠬᠣᠲᠠ᠎ᠳᠤ 3᠂ ᠠᠯᠠᠱᠠ ᠠᠢᠮᠠᠭ ᠲᠤ᠌ 2 ᠪᠣᠶ᠃

ᠢᠷᠡᠯᠳᠡ᠄ ᠦᠪᠦᠷ ᠮᠤᠡᠭᠭᠤᠯ᠎ᠤᠨ ᠡᠷᠡᠬᠦᠯ ᠬᠠᠮᠠᠭᠠᠯᠠᠯ ᠡᠷᠡᠬᠦᠯ ᠮᠡᠨᠳᠦ ᠵᠢᠨ ᠵᠦᠪᠯᠡᠯ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面