ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡ ᠨᠡᠢᠲᠡᠯᠡᠯ

2022-04-01 11:39:20

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

2022 ᠤᠨ᠎ᠤ 3 ᠰᠠᠷ᠎ᠠ᠎ᠶ᠋ᠢᠨ 31᠎ᠤ ᠡᠳᠦᠷ᠎ᠦᠨ0 ᠴᠠᠭ ᠡᠴᠡ 24 ᠴᠠᠭ ᠪᠣᠯᠲᠠᠯ᠎ᠠ᠄

ᠥᠪᠥᠷ ᠮᠣᠩᠭᠣᠯ ᠳ᠋ᠤ ᠲᠤᠬᠠᠢ᠎ᠶᠢᠨ ᠭᠠᠵᠠᠷ᠎ᠤᠨ ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠳᠠᠭᠴᠢ 2 ( ᠴᠦᠮ ᠬᠦᠬᠡᠬᠤᠲᠠ ᠳ᠋ᠤ ) ᠨᠡᠮᠡᠭᠳᠡᠵᠦ᠂ ᠳᠤᠬᠠᠢ ᠵᠢᠨ ᠭᠠᠵᠠᠷ᠎ᠤᠨ 1 ᠳᠤᠳᠤᠯᠠᠭᠰᠠᠨ ᠡᠪᠡᠳᠴᠢᠨ ᠎ᠤ ᠵᠢᠱ᠌ᠢᠶ᠎ᠡ ( ᠬᠦᠬᠡᠬᠤᠳᠠ ᠳ᠋ᠤ) ᠢᠯᠡᠷᠢᠰᠢᠵᠤ ᠡᠮᠨᠡᠯᠭᠡ ᠡᠴᠡ ᠭᠠᠷᠪᠠ᠃ ᠳᠤᠬᠠᠢ ᠵᠢᠨ ᠭᠠᠵᠠᠷ᠎ᠤᠨ 1 ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠳᠠᠭᠴᠢ (ᠬᠦᠬᠡᠬᠤᠳᠠ ᠳ᠋ᠤ ᠪᠤᠢ)ᠵᠢᠨ ᠠᠨᠠᠭᠠᠬᠤ ᠤᠬᠠᠭᠠᠨ ᠎ᠤ ᠠᠵᠢᠭᠯᠠᠯᠲᠠ ᠬᠢᠵᠦ ᠪᠠᠢᠭᠰᠠᠨ᠎ᠢ ᠵᠤᠭᠰᠤᠭᠠᠪᠠ᠃

3 ᠰᠠᠷ᠎ᠠ᠎ᠶ᠋ᠢᠨ 31᠎ᠤ ᠡᠳᠦᠷ ᠎ᠦᠨ 24 ᠴᠠᠭ ᠪᠣᠯᠲᠠᠯ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠣᠲᠣ ᠪᠠᠢᠭ᠎ᠠ ᠲᠤᠬᠠᠶ᠎ᠶ᠋ᠢᠨ ᠭᠠᠵᠠᠷ᠎ᠤᠨ ᠳᠣᠲᠣᠯᠠᠭ᠍ᠰᠠᠨ ᠡᠪᠡᠳᠴᠢᠨ᠎ᠦ ᠵᠢᠱ᠌ᠢᠶ᠎ᠡ 9 ᠪᠠᠢᠵᠦ᠂ ᠡᠬᠦᠨ ᠳ᠋ᠦ ᠬᠥᠬᠡᠬᠣᠲᠠ ᠳ᠋ᠦ 2᠂ ᠲᠦᠩᠯᠢᠶᠤᠤ ᠬᠤᠲᠠ ᠳ᠋ᠤ 6᠂ ᠤᠯᠠᠭᠠᠨᠬᠠᠳᠠ ᠳ᠋ᠤ 1 ᠪᠤᠢ᠃ ᠳᠤᠬᠠᠢ ᠵᠢᠨ ᠭᠠᠵᠠᠷ᠎ᠤᠨ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭᠳᠠᠬᠴᠢ 25 ᠪᠠᠢᠵᠤ᠂ ᠡᠭᠦᠨ ᠳ᠋ᠤ ᠬᠦᠬᠡᠬᠤᠲᠠ ᠳ᠋ᠤ 16᠂ ᠲᠦᠩᠯᠢᠶᠤᠤ ᠬᠤᠲᠠ ᠳ᠋ᠤ 9 ᠪᠤᠢ᠃ ᠬᠢᠯᠢ᠎ᠶᠢᠨ ᠭᠠᠳᠠᠨ᠎ᠠ ᠡᠴᠡ ᠤᠷᠤᠵᠤ ᠢᠷᠡᠭᠰᠡᠨ ᠲᠤᠳᠤᠯᠠᠭᠰᠠᠨ ᠡᠪᠡᠳᠴᠢᠨ᠎ᠤ ᠵᠢᠱ᠌ᠢᠶ᠎ᠡ 1(ᠤᠯᠠᠭᠠᠨᠬᠠᠳᠠ ᠳ᠋ᠤ) ᠪᠤᠢ᠃ ᠪᠦᠬᠦᠨ᠎ᠢ ᠲᠣᠭ᠍ᠲᠠᠭ᠍ᠰᠠᠨ ᠡᠮᠨᠡᠯᠭᠡ᠎ᠶ᠋ᠢᠨ ᠬᠣᠷᠢᠶ᠎ᠠ᠎ᠳᠤ ᠲᠤᠰᠠᠭᠠᠷᠯᠠᠨ ᠡᠮᠴᠢᠯᠡᠵᠦ᠍᠂ ᠨᠢᠭ᠍ᠲᠠ ᠣᠢᠷᠠᠲᠤᠭ᠍ᠰᠠᠳ᠎ᠢ᠎ᠨᠢ ᠴᠥᠮ ᠲᠣᠭ᠍ᠲᠠᠭ᠍ᠰᠠᠨ ᠭᠠᠵᠠᠷ ᠲᠥᠪᠯᠡᠷᠡᠭᠦᠯᠦᠨ ᠠᠨᠠᠭᠠᠬᠤ ᠤᠬᠠᠭᠠᠨ᠎ᠤ ᠠᠵᠢᠭ᠍ᠯᠠᠯᠲᠠ ᠬᠢᠵᠦ᠍᠂ ᠬᠢᠵᠢᠭ ᠲᠠᠷᠬᠠᠬᠤ᠎ᠶ᠋ᠢ ᠴᠢᠩᠭ᠎ᠠ ᠰᠡᠷᠭᠡᠢᠯᠡᠵᠦ᠍ ᠪᠣᠶ᠃

2 ᠰᠠᠷ᠎ᠠ᠎ᠶ᠋ᠢᠨ 15 ᠎ᠤ ᠡᠳᠦᠷ᠎ᠡᠴᠡ ᠨᠠᠭᠠᠰᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠮᠡᠳᠡᠭᠦᠯᠦᠭ᠌ᠰᠡᠨ ᠲᠤᠬᠠᠶ᠎ᠶ᠋ᠢᠨ ᠭᠠᠵᠠᠷ᠎ᠤᠨ ᠳᠣᠲᠣᠯᠠᠭ᠍ᠰᠠᠨ ᠡᠪᠡᠳᠴᠢᠨ᠎ᠦ ᠵᠢᠱ᠌ᠢᠶ᠎ᠡ ᠨᠡᠢᠲᠡ 491 ᠪᠠᠢᠵᠤ᠂ ᠡᠭᠦᠨ᠎ᠳᠦ ᠬᠥᠬᠡᠬᠣᠲᠠ᠎ᠳᠤ 436᠂ ᠪᠤᠭᠤᠲᠤ ᠬᠣᠲᠠ᠎ᠳᠤ 25 ᠂ ᠬᠥᠯᠥᠨ ᠪᠣᠢᠷ ᠬᠣᠲᠠ᠎ᠳᠤ 15᠂ ᠲᠦᠩᠯᠢᠶᠤᠤ ᠬᠤᠲᠠ ᠳ᠋ᠤ 6᠂ ᠤᠯᠠᠭᠠᠨᠬᠠᠳᠠ ᠬᠤᠲᠠ ᠳ᠋ᠤ 1᠂ ᠤᠷᠳᠤᠰ ᠬᠤᠳᠠ ᠳ᠋ᠤ 3᠂ ᠪᠠᠶᠠᠨᠨᠠᠭᠤᠷ ᠬᠣᠲᠠ᠎ᠳᠤ 3᠂ ᠠᠯᠠᠱᠠ ᠠᠢᠮᠠᠭ ᠲᠤ᠌ 2 ᠪᠣᠶ᠃ ᠢᠯᠡᠷᠢᠰᠢᠵᠤ ᠡᠮᠨᠡᠯᠭᠡ᠎ᠡᠴᠡ ᠭᠠᠷᠤᠭ᠍ᠰᠠᠨ ᠡᠪᠡᠳᠴᠢᠲᠡᠨ ᠨᠡᠢᠲᠡ 482 ᠪᠠᠢᠨ᠎ᠠ᠂ ᠡᠭᠦᠨ᠎ᠳᠦ ᠬᠥᠬᠡᠬᠣᠲᠠ᠎ᠳᠤ 434᠂ ᠪᠤᠭᠤᠲᠤ ᠬᠣᠲᠠ᠎ᠳᠤ 25᠂ ᠬᠥᠯᠥᠨ ᠪᠣᠢᠷ ᠬᠣᠲᠠ᠎ᠳᠤ 15᠂ ᠤᠷᠳᠤᠰ ᠬᠤᠲᠠ ᠳ᠋ᠤ 3᠂ ᠪᠠᠶᠠᠨᠨᠠᠭᠤᠷ ᠬᠣᠲᠠ᠎ᠳᠤ 3᠂ ᠠᠯᠠᠱᠠ ᠠᠢᠮᠠᠭ ᠲᠤ᠌ 2 ᠪᠣᠶ᠃

ᠢᠷᠡᠯᠳᠡ᠄ ᠦᠪᠦᠷ ᠮᠤᠡᠭᠭᠤᠯ᠎ᠤᠨ ᠡᠷᠡᠬᠦᠯ ᠬᠠᠮᠠᠭᠠᠯᠠᠯ ᠡᠷᠡᠬᠦᠯ ᠮᠡᠨᠳᠦ ᠵᠢᠨ ᠵᠦᠪᠯᠡᠯ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面