ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡ ᠨᠡᠢᠲᠡᠯᠡᠯ

2022-04-12 09:34:23

ᠵᠣᠬᠢᠶᠠᠭ᠍ᠴᠢ᠄ ​ ᠸᠧᠢ ᠨᠠ ᠣᠩᠱᠢᠭ᠍ᠰᠠᠨ ᠣᠳᠠᠭ᠎ᠠ᠄ 3

4 ᠰᠠᠷ᠎ᠠ᠎ᠶ᠋ᠢᠨ 10 ᠤ᠋ ᠡᠳᠦᠷ᠂ ᠤᠯᠠᠭᠠᠨᠬᠠᠳᠠ ᠬᠤᠳᠠ᠎ᠶ᠋ᠢᠨ ᠰᠦᠩᠱᠠᠨ ᠲᠣᠭᠣᠷᠢᠭ《ᠪᠠᠢᠴᠠᠭᠠᠬᠤ ᠳᠤᠷᠠᠲᠠᠢ ᠵᠢ ᠨᠢ ᠪᠦᠬᠦᠨ᠎ᠢ ᠪᠠᠢᠴᠠᠭᠠᠬᠤ》 ᠳᠤᠮᠳᠠ᠂ ᠱᠢᠨ᠎ᠡ ᠲᠢᠲᠢᠮᠯᠢᠭ ᠸᠢᠷᠦ᠋ᠰ᠎ᠦᠨ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠠᠩᠬᠠᠨ᠎ᠤ ᠪᠠᠢᠴᠠᠭᠠᠯᠲᠠ᠎ᠳᠤ ᠠᠷᠭ᠎ᠠ ᠴᠢᠨᠠᠷ ᠢᠯᠡᠷᠡᠭ᠌ᠰᠡᠨ 1 ᠬᠥᠮᠦᠨ᠎ᠢ ᠢᠯᠡᠷᠡᠭᠦᠯᠪᠡ᠃ ᠲᠣᠰ ᠬᠣᠲᠠ᠎ᠶ᠋ᠢᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠥᠪ᠎ᠡᠴᠨ ᠳᠠᠬᠢᠨ ᠬᠢᠨᠠᠵᠦ᠂ ᠲᠤᠰᠭᠠᠶ ᠮᠡᠷᠭᠡᠵᠢᠯᠲᠡᠨ᠎ᠦ ᠳᠤᠭᠤᠢᠯᠠᠩ᠎ᠡᠴᠡ ᠬᠠᠮᠲᠤᠷᠠᠨ ᠣᠨᠣᠱᠢᠯᠠᠵᠤ ᠰᠤᠳᠤᠯᠤᠨ ᠮᠠᠭᠠᠳᠯᠠᠭᠠᠳ᠂ 4 ᠰᠠᠷ᠎ᠠ᠎ᠶ᠋ᠢᠨ 11 ᠤ᠋ ᠡᠳᠦᠷ᠎ᠦᠨ ᠥᠷᠯᠥᠭᠡ ᠡᠷᠲᠡ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢᠶᠡᠷ ᠣᠨᠣᠱᠢᠯᠠᠭ᠍ᠳᠠᠭ᠍ᠰᠠᠨ ᠡᠪᠡᠳᠴᠢᠨ᠎ᠤ ᠵᠢᠱ᠌ᠢᠶ᠎ᠡ ᠪᠡᠷ ᠲᠤᠬᠳᠠᠭᠠᠪᠠ᠃ ᠣᠨᠣᠱᠢᠯᠠᠭ᠍ᠳᠠᠭ᠍ᠰᠠᠨ ᠡᠪᠡᠳᠴᠢᠨ᠎ᠦ ᠵᠢᠱ᠌ᠢᠶ᠎ᠡ ᠬᠣ᠌ ᠣᠪᠣᠭ᠍ᠲᠤ᠂ ᠡᠷᠡᠭ᠌ᠲᠡᠶ᠂ 57 ᠨᠠᠰᠤᠲᠠᠶ᠂ ᠰᠠᠨ ᠽᠦᠸᠧ ᠳ᠋ᠢᠶᠠᠨ᠎ᠤ ᠬᠤᠢ ᠯᠸᠢ ᠡᠷᠲᠡᠨ᠎ᠦ ᠡᠳ᠋ ᠬᠠᠳᠠᠭᠠᠯᠠᠬᠤ ᠳᠡᠯᠭᠡᠭᠦᠷ᠎ᠦᠨ ᠵᠢᠯᠣᠭᠣᠴᠢ ᠪᠠᠢᠵᠤ᠂ ᠲᠡᠷᠡ ᠳᠠᠷᠤᠶ᠎ᠳᠤᠨᠢ ᠤᠯᠠᠭᠠᠨᠬᠠᠳᠠ ᠬᠣᠲᠠ᠎ᠶ᠋ᠢᠨ ᠬᠠᠯᠳᠠᠪᠤᠷᠢᠲᠤ ᠡᠪᠡᠳᠴᠢᠨ᠎ᠢ ᠰᠡᠷᠭᠡᠢᠯᠡᠨ ᠵᠠᠰᠠᠬᠤ ᠡᠮᠨᠡᠯᠭᠡ᠎ᠶ᠋ᠢᠨ ᠬᠣᠷᠢᠶ᠎ᠠ᠎ᠳᠤ ᠱᠢᠯᠵᠢᠭᠦᠯᠦᠨ ᠡᠮᠨᠡᠭᠦᠯᠪᠡ᠃

ᠣᠳᠣᠬᠠᠨ᠎ᠳᠤ᠂ ᠤᠯᠠᠭᠠᠨᠬᠠᠳᠠ ᠬᠣᠲᠠ᠎ᠶ᠋ᠢᠨ ᠲᠥᠪ ᠬᠣᠲᠠ᠎ᠶ᠋ᠢᠨ ᠲᠣᠭᠣᠷᠢᠭ᠎ᠤᠨ ᠪᠠᠢᠭᠤᠯᠭ᠎ᠠ᠂ ᠠᠵᠢᠯ ᠦᠶ᠋ᠯᠡᠰ᠎ᠦᠨ ᠨᠢᠭᠡᠴᠢ ᠵᠡᠷᠭᠡ ᠵᠢᠨ ᠠᠯᠪᠠᠨ ᠲᠤᠱᠢᠶᠠᠯᠲᠠᠳ ᠴᠥᠮ ᠬᠡᠷ᠎ᠲᠡᠬᠡᠨ ᠰᠠᠭᠤᠵᠤ ᠠᠵᠢᠯᠯᠠᠵᠤ᠂ ᠲᠥᠪ ᠬᠣᠲᠠ᠎ᠶ᠋ᠢᠨ ᠲᠣᠭᠣᠷᠢᠭ᠎ᠤᠨ ᠠᠵᠤ ᠠᠬᠤᠢᠯᠠᠯ ᠵᠠᠷᠴᠢᠮ ᠳᠡᠭᠡᠷ᠎ᠡ᠎ᠪᠡᠨ ᠦᠶ᠋ᠯᠡᠳᠪᠦᠷᠢᠯᠡᠯ ᠡᠵᠡᠩᠨᠡᠯᠲᠡ᠎ᠶ᠋ᠢᠨ ᠠᠵᠢᠯᠯᠠᠭ᠎ᠠ᠎ᠪᠠᠨ ᠲᠦᠷ ᠵᠣᠭ᠍ᠰᠣᠭᠠᠵᠤ᠂ ᠲᠥᠪ ᠬᠣᠲᠠ᠎ᠶ᠋ᠢᠨ ᠲᠣᠭᠣᠷᠢᠭ᠎ᠤᠨ ᠡᠵᠡᠩᠨᠡᠯᠲᠡ᠎ᠶ᠋ᠢᠨ ᠲᠠᠯᠠᠪᠤᠷ ᠭᠠᠵᠠᠷ᠂ ᠡᠭᠦᠳᠡᠨ ᠳᠡᠯᠭᠡᠭᠦᠷ ᠡᠵᠡᠩᠨᠡᠯᠲᠡ᠎ᠪᠡᠨ ᠲᠦᠷ ᠵᠣᠭ᠍ᠰᠣᠭᠠᠵᠤ᠂ ᠲᠥᠪ ᠬᠣᠲᠠ᠎ᠶ᠋ᠢᠨ ᠲᠣᠭᠣᠷᠢᠭ᠎ᠤᠨ ᠨᠡᠢᠲᠡ᠎ᠶ᠋ᠢᠨ ᠮᠠᠱᠢᠨ ᠲᠡᠷᠭᠡ᠂ ᠲᠦᠷᠢᠶᠡᠰᠦᠨ ᠮᠠᠱᠢᠨ ᠲᠡᠷᠭᠡ᠂ ᠰᠦᠯᠵᠢᠶ᠎ᠡ᠎ᠪᠡᠷ ᠪᠣᠯᠵᠣᠬᠤ ᠮᠠᠱᠢᠨ ᠲᠡᠷᠭᠡ᠎ᠶ᠋ᠢᠨ ᠵᠦᠭᠡᠭᠡᠪᠤᠷᠢ᠎ᠶ᠋ᠢ ᠵᠣᠭ᠍ᠰᠣᠭᠠᠵᠤ᠂ ᠲᠥᠪ ᠬᠣᠲᠠ᠎ᠶ᠋ᠢᠨ ᠲᠣᠭᠣᠷᠢᠭ᠎ᠤᠨ ᠬᠥᠮᠦᠰ(ᠬᠣᠲᠠ᠎ᠶ᠋ᠢᠨ ᠭᠠᠳᠠᠨ᠎ᠠ ᠬᠤᠴᠤᠷᠭᠠᠵᠤ ᠠᠪᠤᠭᠰᠠᠨ ᠬᠥᠮᠦᠰ᠎ᠢ ᠪᠠᠭ᠍ᠲᠠᠭᠠᠨ᠎ᠠ) ᠴᠢᠬᠤᠯᠠ ᠶᠠᠪᠤᠳᠠᠯ ᠦᠭᠡᠢ ᠪᠤᠯ ᠤᠯᠠᠭᠠᠨᠬᠠᠳᠠ ᠬᠣᠲᠠ᠎ᠡᠴᠡ ᠭᠠᠷᠬᠤ ᠥᠬᠡᠶ ᠪᠠᠢᠵᠤ᠂ ᠦᠨᠡᠬᠡᠷ ᠣᠨᠴᠠᠭᠠᠶ ᠪᠠᠢᠳᠠᠯ᠎ᠠᠴᠠ ᠪᠣᠯᠵᠣ ᠤᠯᠠᠭᠠᠨᠬᠠᠳᠠ ᠬᠣᠲᠠ᠎ᠡᠴᠡ ᠭᠠᠷᠬᠤ ᠭᠡᠪᠡᠯ ᠡᠷᠬᠡᠪᠰᠢ 48 ᠴᠠᠭ᠎ᠤᠨ ᠳᠣᠲᠣᠷᠠᠬᠢ 2 ᠤᠳᠠᠭ᠎ᠠ(ᠬᠤᠭᠤᠷᠤᠨᠳᠤ ᠨᠢ 24 ᠴᠠᠭ᠎ᠠᠴᠠ ᠳᠡᠭᠡᠭ᠌ᠰᠢ ᠠᠯᠤᠰᠯᠠᠭ᠍ᠰᠠᠨ) ᠵᠢᠨ ᠪᠥᠭᠡᠮ ᠬᠦᠴᠢᠯ᠎ᠦᠨ ᠪᠠᠢᠴᠠᠭᠠᠯᠲᠠ ᠵᠢᠨ ᠪᠢᠯᠢᠭ ᠴᠢᠨᠠᠷ᠎ᠤᠨ ᠭᠡᠷᠡᠴᠢ ᠪᠠᠢᠬᠤ ᠬᠡᠷᠡᠭ᠌ᠲᠡᠶ᠃

4 ᠰᠠᠷ᠎ᠠ᠎ᠶ᠋ᠢᠨ 12 ᠤ᠋ᠨ ᠡᠳᠦᠷ᠎ᠦᠨ 6 ᠴᠠᠭ᠎ᠠᠴᠠ ᠡᠬᠢᠯᠡᠨ᠂ ᠲᠥᠪ ᠬᠣᠲᠠ᠎ᠶ᠋ᠢᠨ ᠲᠣᠭᠣᠷᠢᠭ᠎ᠲᠤ 3 ᠡᠭᠡᠯᠵᠢ᠎ᠶ᠋ᠢᠨ ᠪᠥᠬᠥ᠌ ᠠᠷᠠᠳ᠎ᠤᠨ ᠪᠥᠭᠡᠮ ᠬᠦᠴᠢᠯ᠎ᠦᠨ ᠪᠠᠢᠴᠠᠭᠠᠯᠲᠠ ᠬᠢᠬᠦ ᠪᠠᠷ ᠪᠤᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面