ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡ ᠨᠡᠢᠲᠡᠯᠡᠯ

2022-04-12 10:43:37

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

2022 ᠤᠨ᠎ᠤ 4 ᠰᠠᠷ᠎ᠠ᠎ᠶ᠋ᠢᠨ 11᠎ᠤ ᠡᠳᠦᠷ᠎ᠦᠨ 0 ᠴᠠᠭ ᠡᠴᠡ 24 ᠴᠠᠭ ᠪᠣᠯᠲᠠᠯ᠎ᠠ᠄

ᠦᠪᠦᠷ ᠮᠤᠡᠭᠭᠤᠯ᠎ᠤᠨ ᠦᠪᠡᠷᠳᠡᠭᠡᠨ ᠵᠠᠰᠠᠬᠤ ᠤᠷᠤᠨ ᠳ᠋ᠦ ᠳᠤᠬᠠᠢ ᠵᠢᠨ ᠭᠠᠵᠠᠷ᠎ᠤᠨ ᠳᠤᠳᠤᠯᠠᠭᠰᠠᠨ ᠡᠪᠡᠳᠴᠢᠨ᠎ᠤ ᠵᠢᠱ᠌ᠢᠶ᠎ᠡ 1 (ᠤᠯᠠᠭᠠᠨᠬᠠᠳᠠ ᠬᠤᠳᠠ ᠳ᠋ᠦ ᠪᠤᠢ)ᠨᠡᠮᠡᠭᠳᠡᠵᠠᠢ᠃ ᠲᠤᠬᠠᠢ ᠵᠢᠨ ᠭᠠᠵᠠᠷ ᠎ᠤᠨ ᠲᠤᠳᠤᠯᠠᠬᠰᠡᠨ 1 ᠡᠪᠡᠳᠴᠢᠨ ᠎ᠤ ᠵᠢᠱ᠌ᠢᠶ᠎ᠡ ᠢᠯᠠᠷᠢᠰᠢᠵᠤ ᠡᠮᠨᠡᠯᠭᠡ ᠡᠴᠡ ᠭᠠᠷᠴᠤ (ᠲᠦᠩᠯᠢᠶᠤᠤ ᠬᠤᠲᠠ ᠳ᠋ᠤ ᠪᠤᠢ)᠂ ᠲᠤᠬᠠᠢ ᠵᠢᠨ ᠭᠠᠵᠠᠷ᠎ᠤᠨ 3 ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠳᠠᠭᠴᠢ (ᠴᠦᠮ ᠬᠦᠬᠡᠬᠤᠳᠠ ᠳ᠋ᠤ ᠪᠤᠢ)ᠵᠢ ᠠᠨᠠᠭᠠᠬᠤ ᠤᠬᠠᠭᠠᠨ᠎ᠤ ᠠᠵᠢᠭᠯᠠᠯᠲᠠ ᠡᠴᠡ ᠭᠠᠷᠭᠠᠪᠠ᠃

4 ᠰᠠᠷ᠎ᠠ᠎ᠶ᠋ᠢᠨ 11᠎ᠤ ᠡᠳᠦᠷ ᠎ᠦᠨ 24 ᠴᠠᠭ ᠪᠣᠯᠲᠠᠯ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠣᠲᠣ ᠪᠠᠢᠭ᠎ᠠ ᠲᠤᠬᠠᠶ᠎ᠶ᠋ᠢᠨ ᠭᠠᠵᠠᠷ᠎ᠤᠨ ᠳᠣᠲᠣᠯᠠᠭ᠍ᠰᠠᠨ ᠡᠪᠡᠳᠴᠢᠨ᠎ᠦ ᠵᠢᠱ᠌ᠢᠶ᠎ᠡ 7 ᠪᠠᠢᠵᠦ᠂ ᠡᠬᠦᠨ ᠳ᠋ᠦ ᠬᠥᠬᠡᠬᠣᠲᠠ ᠳ᠋ᠦ 1᠂ ᠬᠢᠩᠭᠠᠨ ᠠᠢᠮᠠᠭ ᠲᠸ᠋ 1᠂ ᠲᠦᠩᠯᠢᠶᠤᠤ ᠬᠤᠲᠠ ᠳ᠋ᠤ 3᠂ ᠤᠯᠠᠭᠠᠨᠬᠠᠳᠠ ᠳ᠋ᠤ 2 ᠪᠤᠢ᠃ ᠳᠤᠬᠠᠢ ᠵᠢᠨ ᠭᠠᠵᠠᠷ᠎ᠤᠨ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭᠳᠠᠬᠴᠢ 4 ᠪᠠᠢᠵᠤ᠂ ᠡᠭᠦᠨ ᠳ᠋ᠤ ᠬᠦᠬᠡᠬᠤᠲᠠ ᠳ᠋ᠤ 1᠂ ᠬᠢᠩᠭᠠᠨ ᠠᠢᠮᠠᠭ ᠲᠸ᠋ 1᠂ ᠲᠦᠩᠯᠢᠶᠤᠤ ᠬᠤᠲᠠ ᠳ᠋ᠤ 2 ᠪᠤᠢ᠃ ᠬᠢᠯᠢ᠎ᠶᠢᠨ ᠭᠠᠳᠠᠨ᠎ᠠ ᠡᠴᠡ ᠤᠷᠤᠵᠤ ᠢᠷᠡᠭᠰᠡᠨ ᠲᠤᠳᠤᠯᠠᠭᠰᠠᠨ ᠡᠪᠡᠳᠴᠢᠨ᠎ᠤ ᠵᠢᠱ᠌ᠢᠶ᠎ᠡ 1 ( ᠤᠯᠠᠭᠠᠨᠬᠠᠳᠠ ᠳ᠋ᠤ ) ᠪᠤᠢ᠃ ᠪᠦᠬᠦᠨ᠎ᠢ ᠲᠣᠭ᠍ᠲᠠᠭ᠍ᠰᠠᠨ ᠡᠮᠨᠡᠯᠭᠡ᠎ᠶ᠋ᠢᠨ ᠬᠣᠷᠢᠶ᠎ᠠ᠎ᠳᠤ ᠲᠤᠰᠠᠭᠠᠷᠯᠠᠨ ᠡᠮᠴᠢᠯᠡᠵᠦ᠍᠂ ᠨᠢᠭ᠍ᠲᠠ ᠣᠢᠷᠠᠲᠤᠭ᠍ᠰᠠᠳ᠎ᠢ᠎ᠨᠢ ᠴᠥᠮ ᠲᠣᠭ᠍ᠲᠠᠭ᠍ᠰᠠᠨ ᠭᠠᠵᠠᠷ ᠲᠥᠪᠯᠡᠷᠡᠭᠦᠯᠦᠨ ᠠᠨᠠᠭᠠᠬᠤ ᠤᠬᠠᠭᠠᠨ᠎ᠤ ᠠᠵᠢᠭ᠍ᠯᠠᠯᠲᠠ ᠬᠢᠵᠦ᠍᠂ ᠬᠢᠵᠢᠭ ᠲᠠᠷᠬᠠᠬᠤ᠎ᠶ᠋ᠢ ᠴᠢᠩᠭ᠎ᠠ ᠰᠡᠷᠭᠡᠢᠯᠡᠵᠦ᠍ ᠪᠣᠶ᠃

ᠢᠷᠡᠯᠳᠡ᠄ ᠦᠪᠦᠷ ᠮᠤᠡᠭᠭᠤᠯ᠎ᠤᠨ ᠡᠷᠡᠬᠦᠯ ᠬᠠᠮᠠᠭᠠᠯᠠᠯ ᠡᠷᠡᠬᠦᠯ ᠮᠡᠨᠳᠦ ᠵᠢᠨ ᠵᠦᠪᠯᠡᠯ


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面