ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡ ᠨᠡᠢᠲᠡᠯᠡᠯ

2022-04-14 09:50:09

ᠵᠣᠬᠢᠶᠠᠭ᠍ᠴᠢ᠄ ᠬᠤᠤ ᠪᠢᠶᠤᠤ ᠣᠩᠱᠢᠭ᠍ᠰᠠᠨ ᠣᠳᠠᠭ᠎ᠠ᠄ 3

4 ᠰᠠᠷ᠎ᠠ᠎ᠶ᠋ᠢᠨ 13 ᠎ᠤ᠋ ᠣᠷᠣᠶ᠂ ᠰᠤᠷᠪᠤᠯᠵᠢᠯᠠᠭ᠍ᠴᠢ ᠦᠬᠠᠶ ᠬᠣᠲᠠ᠎ᠶ᠋ᠢᠨ ᠬᠠᠢᠨᠠᠨ ᠲᠣᠭᠣᠷᠢᠭ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ ᠭᠠᠵᠠᠷ᠎ᠠᠴᠠ ᠣᠢᠯᠠᠭᠠᠭ᠍ᠰᠠᠨ᠎ᠢᠶᠠᠷ᠂ 4 ᠰᠠᠷ᠎ᠠ᠎ᠶ᠋ᠢᠨ 13 ᠤ᠋ ᠡᠳᠦᠷ᠎ᠦᠨ 8 ᠴᠠᠭ 20 ᠮᠢᠨᠦ᠋ᠲ᠎ᠲᠦ ᠬᠠᠢᠨᠠᠨ ᠲᠣᠭᠣᠷᠢᠭ᠎ᠤᠨ ᠡᠪᠡᠳᠴᠢᠨ ᠬᠢᠵᠢᠭ᠎ᠢ ᠰᠡᠷᠭᠡᠢᠯᠡᠨ ᠡᠵᠡᠮᠳᠡᠬᠦ᠌ ᠲᠥᠪ 4 ᠰᠠᠷ᠎ᠠ᠎ᠶ᠋ᠢᠨ 12 ᠤ᠋ᠨ ᠡᠳᠦᠷ ᠠᠯᠠᠱᠠ ᠵᠡᠭᠦᠨ ᠬᠣᠱᠢᠭᠤᠨ᠎ᠤ ᠤᠰᠤᠲᠠᠶ ᠪᠠᠯᠭᠠᠰᠤᠨ᠎ᠤ 10 ᠬᠥᠮᠦᠨ᠎ᠦ ᠪᠥᠭᠡᠮ ᠬᠦᠴᠢᠯ᠎ᠦᠨ ᠬᠣᠯᠢᠮᠠᠭ ᠪᠠᠢᠴᠠᠭᠠᠯᠲᠠ᠎ᠶ᠋ᠢᠨ ᠳᠤᠮᠳᠠ ᠠᠷᠭ᠎ᠠ ᠴᠢᠨᠠᠷ ᠲᠠᠶ ᠥᠯᠢᠭᠡᠷ ᠬᠡᠪ᠎ᠢ ᠢᠯᠡᠷᠡᠭᠦᠯᠪᠡ᠂ ᠡᠭᠦᠨ᠎ᠳᠦ 2 ᠬᠥᠮᠦᠨ᠎ᠨᠢ ᠣᠳᠣᠬᠠᠨ᠎ᠳᠤ ᠬᠠᠢᠨᠠᠨ ᠲᠣᠭᠣᠷᠢᠭ᠎ᠤᠨ ᠬᠡᠪᠴᠢᠶᠡᠨ ᠳ᠋ᠦ ᠪᠣᠶ ᠬᠡᠰᠡᠨ ᠮᠡᠳᠡᠭᠳᠡᠯ ᠤᠯᠤᠭᠰᠠᠨ ᠪᠠᠢᠨ᠎ᠠ᠃

ᠬᠠᠢᠨᠠᠨ ᠲᠣᠭᠣᠷᠢᠭ ᠬᠣᠯᠪᠣᠭ᠍ᠳᠠᠯ ᠪᠦᠬᠦᠢ ᠬᠥᠮᠦᠰ᠎ᠢ ᠴᠠᠭ ᠲᠤᠬᠠᠢ᠎ᠳᠤᠨᠢ ᠡᠷᠢᠨ ᠣᠯᠵᠤ᠂ ᠲᠡᠳᠡᠨ᠎ᠳᠤ ᠪᠥᠭᠡᠮ ᠬᠦᠴᠢᠯ᠎ᠦᠨ ᠪᠠᠢᠴᠠᠭᠠᠯᠲᠠ ᠬᠢᠵᠦ᠂ ᠠᠩᠬᠠᠨ᠎ᠤ ᠪᠠᠢᠴᠠᠭᠠᠯᠲᠠ᠎ᠳᠤ ᠠᠷᠭ᠎ᠠ ᠴᠢᠨᠠᠷ ᠢᠯᠡᠷᠡᠭ᠌ᠰᠡᠨ 1 ᠬᠥᠮᠦᠨ᠎ᠢ ᠢᠯᠡᠷᠡᠭᠦᠯᠵᠦ᠍᠂ ᠦᠬᠠᠢ ᠬᠤᠳᠠ᠎ᠶ᠋ᠢᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠥᠪ᠎ᠡᠴᠡ ᠲᠠᠬᠢᠨ ᠬᠠᠷᠭᠤᠭᠤᠯᠵᠤ᠂ ᠲᠤᠰᠭᠠᠢ ᠮᠡᠷᠭᠡᠵᠢᠯᠲᠡᠨ᠎ᠦ ᠳᠤᠭᠤᠢᠯᠠᠩ ᠬᠠᠮᠲᠤᠷᠠᠨ ᠣᠨᠣᠱᠢᠯᠠᠵᠤ ᠰᠤᠳᠤᠯᠤᠨ ᠮᠠᠭᠠᠳᠯᠠᠭᠠᠳ᠂ 4 ᠰᠠᠷ᠎ᠠ᠎ᠶ᠋ᠢᠨ 13 ᠎ᠤ᠋ ᠤᠷᠤᠢ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠡᠪᠡᠳᠴᠢᠨ᠎ᠦ ᠢᠯᠡᠷᠡᠯ ᠦᠭᠡᠢ ᠬᠠᠯᠳᠠᠪᠤᠷᠢᠯᠠᠭᠴᠢ ᠪᠡᠷ ᠲᠣᠭ᠍ᠲᠠᠭᠠᠪᠠ᠃ ᠡᠭᠦᠨ᠎ᠦ ᠬᠠᠮᠳᠦ ᠬᠠᠢᠨᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ IV ᠳᠡᠰ᠎ᠤᠨ ᠪᠠᠴᠢᠮ ᠪᠠᠢᠳᠠᠯ᠎ᠢ ᠠᠷᠭᠠᠴᠠᠭᠠᠬᠤ ᠲᠥᠰᠦᠯ᠎ᠢ ᠡᠬᠢᠯᠡᠭᠦᠯᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面