ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡ ᠨᠡᠢᠲᠡᠯᠡᠯ

2022-04-14 09:48:49

ᠵᠣᠬᠢᠶᠠᠭ᠍ᠴᠢ᠄ ​ᠬᠤᠷᠴᠠ ᠭᠤᠤ ᠮᠢᠨ ᠨᠠ ᠣᠩᠱᠢᠭ᠍ᠰᠠᠨ ᠣᠳᠠᠭ᠎ᠠ᠄ 3

4 ᠰᠠᠷ᠎ᠠ᠎ᠶ᠋ᠢᠨ 13 ᠤ᠋ ᠡᠳᠦᠷ᠂ ᠰᠤᠷᠪᠤᠯᠵᠢᠯᠠᠭ᠍ᠴᠢ ᠬᠢᠩᠭᠠᠨ ᠠᠢᠮᠠᠭ᠎ᠤᠨ ᠲᠦᠴᠢᠦᠸᠠᠨ ᠱᠢᠶᠠᠨ ᠤ᠋ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ ᠡᠴᠡ ᠣᠢᠯᠠᠭᠠᠭ᠍ᠰᠠᠨ᠎ᠢᠶᠠᠷ᠂ 4 ᠰᠠᠷ᠎ᠠ᠎ᠶ᠋ᠢᠨ 7 ᠡᠴᠡ 12 ᠤ᠋ᠨ ᠡᠳᠦᠷ ᠪᠣᠯᠲᠠᠯ᠎ᠠ᠂ ᠲᠦᠴᠢᠦᠸᠠᠨ ᠱᠢᠶᠠᠨ᠎ᠳᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠡᠪᠡᠳᠴᠢᠨ ᠤ᠋ ᠵᠢᠱ᠌ᠢᠶ᠎ᠠ(ᠬᠦᠩᠭᠡᠨ ᠬᠡᠯᠪᠡᠷᠢ ᠵᠢᠨ)1᠂ ᠡᠪᠡᠳᠴᠢᠨ᠎ᠦ ᠢᠯᠡᠷᠡᠯ ᠦᠭᠡᠢ ᠬᠠᠯᠳᠠᠪᠤᠷᠢᠯᠠᠭᠳᠠᠭᠴᠢ 4 ᠨᠡᠮᠡᠭᠳᠡᠵᠠᠢ᠃

ᠣᠳᠣᠬᠠᠨ᠎ᠳᠤ᠂ ᠳᠡᠭᠡᠷ᠎ᠡ ᠳᠤᠷᠠᠳᠤᠭ᠍ᠰᠠᠨ ᠣᠨᠣᠱᠢᠯᠠᠭᠳᠠᠭᠰᠠᠨ ᠡᠪᠡᠳᠴᠢᠨ᠎ᠦ ᠵᠢᠱ᠌ᠢᠶ᠎ᠡ ᠪᠠ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭ᠍ᠳᠠᠭᠴᠢ ᠵᠢ ᠬᠢᠩᠭᠠᠨ ᠠᠢᠮᠠᠭ᠎ᠤᠨ ᠭᠤᠷᠪᠠᠳᠤᠭᠠᠷ ᠠᠷᠠᠳ᠎ᠤᠨ ᠡᠮᠨᠡᠯᠭᠡ᠎ᠶ᠋ᠢᠨ ᠬᠣᠷᠢᠶ᠎ᠠ᠎ᠳᠤ ᠱᠢᠯᠵᠢᠭᠦᠯᠦᠨ ᠬᠦᠷᠭᠡᠵᠦ᠍ ᠲᠤᠰᠠᠭᠠᠷᠯᠠᠨ ᠡᠮᠨᠡᠭᠦᠯᠵᠦ᠍ ᠪᠠᠢᠨ᠎ᠠ᠃ ᠨᠢᠭᠳᠠ ᠤᠢᠷᠠᠳᠤᠭᠴᠢ ᠪᠠ ᠳᠠᠮ ᠤᠢᠷᠠᠳᠤᠭᠴᠢ ᠳ᠋ᠤ ᠴᠥᠮ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠵᠤ᠂ ᠡᠳᠦᠷ ᠪᠦᠷᠢ ᠪᠥᠭᠡᠮ ᠬᠦᠴᠢᠯ᠎ᠦᠨ ᠪᠠᠢᠴᠠᠭᠠᠯᠲᠠ ᠬᠢᠵᠦ᠍ ᠪᠤᠢ᠂ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠦᠷ᠎ᠡ ᠳ᠋ᠦᠩ᠎ᠨᠢ ᠣᠳᠣᠬᠠᠨ᠎ᠳᠤ ᠴᠥᠮ ᠪᠢᠯᠢᠭ ᠴᠢᠨᠠᠷ ᠲᠠᠶ ᠪᠠᠢᠨ᠎ᠠ᠃

4 ᠰᠠᠷ᠎ᠠ᠎ᠶ᠋ᠢᠨ 13 ᠤ᠋ ᠡᠳᠦᠷ᠂ ᠲᠦᠴᠢᠦᠸᠠᠨ ᠱᠢᠶᠠᠨ ᠤ᠋ ᠭᠤᠤᠯ ᠬᠣᠲᠠ᠎ᠶ᠋ᠢᠨ ᠲᠣᠭᠣᠷᠢᠭ᠎ᠲᠤ 78 ᠪᠥᠭᠡᠮ ᠬᠦᠴᠢᠯ᠎ᠦᠨ ᠥᠯᠢᠭᠡᠷ ᠠᠪᠬᠤ ᠴᠡᠭ ᠭᠠᠷᠭᠠᠵᠤ᠂ 3 ᠡᠭᠡᠯᠵᠢ᠎ᠶ᠋ᠢᠨ ᠪᠥᠭᠡᠮ ᠬᠦᠴᠢᠯ᠎ᠦᠨ ᠪᠠᠢᠴᠠᠭᠠᠯᠲᠠ ᠪᠠᠨ ᠡᠬᠢᠯᠡᠬᠦᠯᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面