ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡ ᠨᠡᠢᠲᠡᠯᠡᠯ

2022-06-18 21:19:56

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ ᠎ᠳᠤ ᠲᠤᠬᠠᠶ ᠎ᠶ᠋ᠢᠨ ᠭᠠᠵᠠᠷ᠎ᠤᠨ ᠎ᠳᠣᠲᠣᠯᠠᠭ᠍ᠰᠠᠨ ᠡᠪᠡᠳᠴᠢᠨ ᠎ᠦ ᠵᠢᠱ᠌ᠢᠶ᠎ᠡ 5 ᠨᠡᠮᠡᠭᠳᠡᠵᠦ᠂ ᠡᠬᠦᠨ ᠳ᠋ᠦ ᠤᠯᠠᠭᠠᠨᠬᠠᠳᠠ ᠬᠤᠳᠠ ᠳ᠋ᠤ 1᠂ ᠰᠢᠯᠢ ᠵᠢᠨ ᠭᠤᠤᠯ ᠠᠢᠮᠠᠭ ᠲᠦ᠍ 4 (ᠡᠪᠡᠳᠴᠢᠨ ᠎ᠤ ᠢᠯᠡᠷᠡᠯ ᠦᠭᠡᠢ ᠬᠠᠯᠳᠠᠪᠤᠷᠢᠯᠠᠭᠳᠠᠭᠴᠢ ᠡᠴᠡ ᠳᠤᠳᠤᠯᠠᠭᠰᠠᠨ ᠡᠪᠡᠳᠴᠢᠨ ᠎ᠤ ᠵᠢᠱ᠌ᠢᠶ᠎ᠡ ᠪᠤᠯᠤᠭᠰᠠᠨ 1 ᠡᠪᠡᠳᠴᠢᠨ᠎ᠤ ᠵᠢᠱ᠌ᠢᠶ᠎ᠡ ᠪᠠᠭᠳᠠᠨ᠎ᠠ) ᠪᠤᠢ᠃ ᠳᠤᠬᠠᠢ ᠵᠢᠨ ᠭᠠᠵᠠᠷ ᠎ᠤᠨ ᠡᠪᠡᠳᠴᠢᠨ ᠎ᠦ ᠢᠯᠡᠷᠡᠯ ᠥᠬᠡᠶ ᠬᠠᠯᠳᠠᠪᠤᠷᠢᠯᠠᠭᠳᠠᠬᠴᠢ 16 ᠨᠡᠮᠡᠭᠳᠡᠵᠤ᠂ ᠡᠭᠦᠨ ᠳ᠋ᠦ ᠤᠯᠠᠭᠠᠨᠬᠠᠳᠠ ᠬᠤᠳᠠ ᠳ᠋ᠤ 1᠂ ᠰᠢᠯᠢ ᠵᠢᠨ ᠭᠤᠤᠯ ᠠᠢᠮᠠᠭ ᠲᠦ᠍ 15 ᠪᠤᠢ᠃ 23 ᠲᠤᠬᠠᠢ ᠵᠢᠨ ᠭᠠᠵᠠᠷ᠎ᠤᠨ ᠳᠤᠳᠤᠯᠠᠭᠰᠠᠨ ᠡᠪᠡᠳᠴᠢᠨ᠎ᠦ ᠵᠢᠱ᠌ᠢᠶ᠎ᠡ (ᠴᠦᠮ ᠰᠢᠯᠢ ᠵᠢᠨ ᠭᠤᠤᠯ ᠠᠢᠮᠠᠭ ᠲᠦ᠍ ᠪᠤᠢ) ᠢᠯᠡᠷᠢᠰᠢᠵᠤ ᠡᠮᠨᠡᠯᠭᠡ ᠡᠴᠡ ᠭᠠᠷᠪᠠ᠃ 36 ᠳᠤᠬᠠᠢ ᠵᠢᠨ ᠭᠠᠵᠠᠷ᠎ᠤᠨ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭᠳᠠᠬᠴᠢ (ᠬᠦᠬᠡᠬᠤᠳᠠ ᠳ᠋ᠤ 1᠂ ᠰᠢᠯᠢ ᠵᠢᠨ ᠭᠤᠤᠯ ᠠᠢᠮᠠᠭ ᠲᠦ᠍ 35 ᠪᠤᠢ) ᠵᠢ ᠠᠨᠠᠭᠠᠬᠤ ᠤᠬᠠᠭᠠᠨ᠎ᠤ ᠠᠵᠢᠭᠯᠠᠯᠳᠠ ᠡᠴᠡ ᠭᠠᠷᠭᠠᠪᠠ᠃

6 ᠰᠠᠷ᠎ᠠ ᠎ᠶ᠋ᠢᠨ 17᠎ᠤ ᠡᠳᠦᠷ ᠎ᠦᠨ 24 ᠴᠠᠭ ᠪᠣᠯᠲᠠᠯ᠎ᠠ᠂ ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ᠎ᠳᠤ ᠣᠲᠣ ᠪᠠᠢᠭ᠎ᠠ ᠲᠤᠬᠠᠶ ᠎ᠶ᠋ᠢᠨ ᠭᠠᠵᠠᠷ ᠎ᠤᠨ ᠳᠣᠲᠣᠯᠠᠭ᠍ᠰᠠᠨ ᠡᠪᠡᠳᠴᠢᠨ᠎ᠦ ᠵᠢᠱ᠌ᠢᠶ᠎ᠡ 296 ᠪᠠᠢᠵᠦ᠂ ᠡᠭᠦᠨ ᠳ᠋ᠦ ᠳᠦᠡᠭᠯᠢᠶᠦᠦ ᠬᠤᠳᠠ ᠳ᠋ᠦ 1᠂ ᠤᠯᠠᠭᠠᠨᠬᠠᠳᠠ ᠬᠤᠳᠠ ᠳ᠋ᠤ 63᠂ ᠰᠢᠯᠢ ᠵᠢᠨ ᠭᠤᠤᠯ ᠠᠢᠮᠠᠭ ᠲᠤ᠌ 232 ᠪᠤᠢ᠃ ᠳᠤᠬᠠᠢ ᠵᠢᠨ ᠭᠠᠵᠠᠷ ᠎ᠤᠨ ᠡᠪᠡᠳᠴᠢᠨ ᠎ᠦ ᠢᠯᠡᠷᠡᠯ ᠥᠬᠡᠶ ᠬᠠᠯᠳᠠᠪᠤᠷᠢᠯᠠᠭᠳᠠᠬᠴᠢ 263 ᠪᠠᠢᠵᠤ᠂ ᠡᠬᠦᠨ ᠳ᠋ᠦ ᠬᠥᠬᠡᠬᠣᠲᠠ ᠳ᠋ᠦ 2᠂ ᠳᠦᠡᠭᠯᠢᠶᠦᠦ ᠬᠤᠳᠠ ᠳ᠋ᠦ 1᠂ ᠤᠯᠠᠭᠠᠨᠬᠠᠳᠠ ᠬᠤᠳᠠ ᠳ᠋ᠤ 7᠂ ᠰᠢᠯᠢ ᠵᠢᠨ ᠭᠤᠤᠯ ᠠᠢᠮᠠᠭ ᠲᠤ᠌ 253 ᠪᠤᠢ᠃ ᠬᠢᠯᠢ ᠵᠢᠨ ᠭᠠᠳᠠᠨ᠎ᠠ ᠡᠴᠡ ᠤᠷᠤᠵᠤ ᠢᠷᠡᠭᠰᠡᠨ ᠡᠪᠡᠳᠴᠢᠨ ᠎ᠤ ᠢᠯᠡᠷᠡᠯ ᠦᠭᠡᠢ ᠬᠠᠯᠳᠠᠪᠤᠷᠢᠯᠠᠭᠳᠠᠭᠴᠢ 3 (ᠴᠦᠮ ᠬᠦᠬᠡᠬᠤᠳᠠ ᠳ᠋ᠦ) ᠪᠤᠢ᠃ ᠪᠦᠬᠦᠨ᠎ᠢ ᠲᠣᠭ᠍ᠲᠠᠭ᠍ᠰᠠᠨ ᠡᠮᠨᠡᠯᠭᠡ ᠎ᠶ᠋ᠢᠨ ᠬᠣᠷᠢᠶ᠎ᠠ ᠎ᠳᠤ ᠲᠤᠰᠠᠭᠠᠷᠯᠠᠨ ᠡᠮᠴᠢᠯᠡᠵᠦ᠍᠂ ᠨᠢᠭ᠍ᠲᠠ ᠣᠢᠷᠠᠲᠤᠭ᠍ᠰᠠᠳ᠎ᠢ ᠎ᠨᠢ ᠴᠥᠮ ᠲᠣᠭ᠍ᠲᠠᠭ᠍ᠰᠠᠨ ᠭᠠᠵᠠᠷ ᠲᠥᠪᠯᠡᠷᠡᠭᠦᠯᠦᠨ ᠠᠨᠠᠭᠠᠬᠤ ᠤᠬᠠᠭᠠᠨ ᠎ᠤ ᠠᠵᠢᠭ᠍ᠯᠠᠯᠲᠠ ᠬᠢᠵᠦ᠍᠂ ᠬᠢᠵᠢᠭ ᠲᠠᠷᠬᠠᠬᠤ ᠶ᠋ᠢ ᠴᠢᠩᠭ᠎ᠠ ᠰᠡᠷᠭᠡᠢᠯᠡᠵᠦ᠍ ᠪᠣᠶ᠃

ᠢᠷᠡᠯᠳᠡ᠄ ᠦᠪᠦᠷ ᠮᠤᠡᠭᠭᠤᠯ᠎ᠤᠨ ᠡᠷᠡᠬᠦᠯ ᠬᠠᠮᠠᠭᠠᠯᠠᠯ ᠡᠷᠡᠬᠦᠯ ᠮᠡᠨᠳᠦ ᠵᠢᠨ ᠵᠦᠪᠯᠡᠯ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面