2022-08-10 15:51:28
2022 ᠤᠨ ᠤ 8 ᠰᠠᠷ᠎ᠠ ᠵᠢᠨ 9 ᠤ ᠡᠳᠦᠷ᠎ᠤᠨ 0 ᠴᠠᠭ ᠡᠴᠡ 24 ᠴᠠᠭ ᠪᠤᠯᠲᠠᠯ᠎ᠠ ᠄
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠬᠠᠢ ᠵᠢᠨ ᠭᠠᠵᠠᠷ᠎ᠤᠨ ᠲᠤᠳᠤᠯᠠᠭᠰᠠᠨ ᠡᠪᠡᠳᠴᠢᠨ᠎ᠤ ᠵᠢᠱ᠌ᠢᠶ᠎ᠡ 27 ᠨᠡᠮᠡᠭᠳᠡᠵᠦ᠂ ᠡᠭᠦᠨ᠎ᠳᠦ ᠰᠢᠯᠢ᠎ᠶᠢᠨ ᠭᠣᠣᠯ ᠠᠢᠮᠠᠭ᠎ᠲᠤ 1 (ᠡᠷᠢᠶᠡᠨ ᠬᠣᠲᠠ᠎ᠳᠤ) ᠂ ᠤᠯᠠᠭᠠᠨᠴᠠᠪ ᠬᠣᠲᠠ᠎ᠳᠤ 26 (ᠵᠢᠨᠢᠩ ᠲᠣᠭᠣᠷᠢᠭ᠋᠎ᠲᠤ 3᠂ ᠴᠠᠬᠠᠷ ᠪᠠᠷᠠᠭᠤᠨ ᠭᠠᠷᠤᠨ ᠬᠣᠢᠲᠤ ᠬᠣᠰᠢᠭᠤᠨ᠎ᠳᠤ 23) ᠂ ᠲᠤᠬᠠᠢ ᠵᠢᠨ ᠭᠠᠵᠠᠷ᠎ᠤᠨ ᠡᠪᠡᠳᠴᠢᠨ᠎ᠦ ᠢᠯᠡᠷᠡᠯ ᠦᠭᠡᠢ ᠬᠠᠯᠳᠠᠪᠤᠷᠢᠯᠠᠭᠳᠠᠭᠴᠢ 5 ᠪᠠᠢᠵᠤ (ᠴᠥᠮ ᠲᠤᠰᠠᠭᠠᠷᠯᠠᠬᠤ ᠴᠡᠭ᠎ᠡᠴᠡ ᠪᠠᠢᠴᠠᠭᠠᠵᠤ ᠭᠠᠷᠭᠠᠪᠠ)᠂ ᠴᠥᠮ ᠤᠯᠠᠭᠠᠨᠴᠠᠪ ᠬᠣᠲᠠ᠎ᠶᠢᠨ ᠴᠠᠬᠠᠷ ᠪᠠᠷᠠᠭᠤᠨ ᠭᠠᠷᠤᠨ ᠬᠣᠢᠲᠤ ᠬᠣᠰᠢᠭᠤᠨ᠎ᠳᠤ ᠪᠣᠶ᠃ ᠲᠤᠬᠠᠢ ᠵᠢᠨ ᠭᠠᠵᠠᠷ᠎ᠤᠨ ᠲᠤᠳᠤᠯᠠᠭᠰᠠᠨ ᠡᠪᠡᠳᠴᠢᠨ ᠤ 1 ᠵᠢᠱ᠌ᠢᠶ᠎ᠡ (ᠣᠷᠳᠣᠰ ᠬᠣᠲᠠ᠎ᠶᠢᠨ ᠡᠵᠡᠨ ᠬᠣᠷᠣᠭ᠎ᠠ ᠬᠣᠰᠢᠭᠤᠨ᠎ᠳᠤ ᠪᠣᠶ) ᠢᠯᠡᠷᠢᠰᠢᠵᠦ ᠡᠮᠨᠡᠯᠭᠡ᠎ᠡᠴᠡ ᠭᠠᠷᠴᠠᠢ ᠃
ᠠᠨᠠᠭᠠᠬᠤ ᠤᠬᠠᠭᠠᠨ᠎ᠤ ᠠᠵᠢᠭ᠍ᠯᠠᠯᠲᠠ᠎ᠶᠢ ᠬᠦᠴᠦᠨ ᠦᠭᠡᠢ ᠪᠣᠯᠭᠠᠭᠰᠠᠨ ᠲᠤᠬᠠᠢ ᠵᠢᠨ ᠭᠠᠵᠠᠷ᠎ᠤᠨ ᠡᠪᠡᠳᠴᠢᠨ᠎ᠦ ᠢᠯᠡᠷᠡᠯ ᠦᠭᠡᠢ ᠬᠠᠯᠳᠠᠪᠤᠷᠢᠯᠠᠭᠳᠠᠭᠴᠢ 2 (ᠴᠥᠮ ᠰᠢᠯᠢ᠎ᠶᠢᠨ ᠭᠣᠣᠯ ᠠᠢᠮᠠᠭ᠎ᠤᠨ ᠡᠷᠢᠶᠡᠨ ᠬᠣᠲᠠ᠎ᠳᠤ ᠪᠣᠶ) ᠪᠤᠢ᠃ ᠠᠨᠠᠭᠠᠬᠤ ᠤᠬᠠᠭᠠᠨ᠎ᠤ ᠠᠵᠢᠭ᠍ᠯᠠᠯᠲᠠ᠎ᠶᠢ ᠬᠦᠴᠦᠨ ᠦᠭᠡᠢ ᠪᠣᠯᠭᠠᠭᠰᠠᠨ ᠬᠢᠯᠢ᠎ᠶᠢᠨ ᠭᠠᠳᠠᠨ᠎ᠠ᠎ᠠᠴᠠ ᠤᠷᠤᠵᠤ ᠢᠷᠡᠭᠰᠡᠨ ᠲᠤᠬᠠᠢ ᠵᠢᠨ ᠭᠠᠵᠠᠷ᠎ᠤᠨ ᠡᠪᠡᠳᠴᠢᠨ᠎ᠦ ᠢᠯᠡᠷᠡᠯ ᠦᠭᠡᠢ ᠬᠠᠯᠳᠠᠪᠤᠷᠢᠯᠠᠭᠳᠠᠭᠴᠢ 1(ᠨᠡᠢᠰᠯᠡᠯ᠎ᠦᠨ ᠨᠢᠰᠬᠡᠯ᠎ᠦᠨ ᠪᠠᠭᠤᠳᠠᠯ᠎ᠤᠨ ᠣᠯᠠᠨ ᠤᠯᠤᠰ᠎ᠤᠨ ᠡᠭᠡᠯᠵᠢ᠎ᠶᠢᠨ ᠨᠢᠰᠬᠡᠯ᠎ᠢ ᠬᠥᠬᠡᠬᠣᠲᠠ᠎ᠶᠢᠨ ᠴᠠᠭᠠᠨ ᠰᠤᠪᠤᠷᠭᠠᠣᠯᠠᠨ ᠤᠯᠤᠰ᠎ᠤᠨ ᠨᠢᠰᠬᠡᠯ᠎ᠦᠨ ᠪᠠᠭᠤᠳᠠᠯ᠎ᠳᠤ ᠬᠤᠪᠢᠶᠠᠷᠢᠯᠠᠨ ᠪᠠᠭᠤᠯᠭᠠᠭᠰᠠᠨ) ᠪᠤᠢ᠃
8 ᠰᠠᠷ᠎ᠠ᠎ᠶᠢᠨ 9᠎ᠦ ᠡᠳᠦᠷ᠎ᠦᠨ 24 ᠴᠠᠭ ᠪᠣᠯᠲᠠᠯ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠣᠳᠣ᠌ ᠪᠠᠢᠭ᠎ᠠ ᠲᠤᠬᠠᠢ ᠵᠢᠨ ᠭᠠᠵᠠᠷ᠎ᠤᠨ ᠲᠤᠳᠤᠯᠠᠭᠰᠠᠨ ᠡᠪᠡᠳᠴᠢᠨ ᠤ ᠵᠢᠱ᠌ᠢᠶ᠎ᠡ 114 ᠪᠤᠶ᠂ ᠡᠭᠦᠨ᠎ᠳᠦ ᠪᠤᠭᠤᠲᠤ ᠬᠣᠲᠠ ᠳ᠋ᠤ 2᠂ ᠰᠢᠯᠢ᠎ᠶᠢᠨ ᠭᠣᠣᠯ ᠠᠢᠮᠠᠭ᠎ᠲᠤ 34᠂ ᠤᠯᠠᠭᠠᠨᠴᠠᠪ ᠬᠣᠲᠠ 74᠂ ᠣᠷᠳᠣᠰ ᠬᠣᠲᠠ 2᠂ ᠪᠠᠶᠠᠨᠨᠠᠭᠤᠷ ᠬᠣᠲᠠ 1᠂ ᠦᠬᠠᠢ ᠬᠣᠲᠠ 1 ᠪᠠᠢᠵᠤ᠂ ᠲᠤᠬᠠᠢ ᠵᠢᠨ ᠭᠠᠵᠠᠷ᠎ᠤᠨ ᠡᠪᠡᠳᠴᠢᠨ᠎ᠦ ᠢᠯᠡᠷᠡᠯ ᠦᠭᠡᠢ ᠬᠠᠯᠳᠠᠪᠤᠷᠢᠯᠠᠭᠳᠠᠭᠴᠢ 34 ᠪᠣᠶ ᠂ ᠡᠭᠦᠨ᠎ᠳᠦ ᠰᠢᠯᠢ᠎ᠶᠢᠨ ᠭᠣᠣᠯ ᠠᠢᠮᠠᠭ᠎ᠲᠤ 19᠂ ᠤᠯᠠᠭᠠᠨᠴᠠᠪ ᠬᠣᠲᠠ᠎ᠳᠤ 15 ᠪᠣᠶ᠃ ᠬᠢᠯᠢ᠎ᠶᠢᠨ ᠭᠠᠳᠠᠨ᠎ᠠ᠎ᠠᠴᠠ ᠤᠷᠤᠵᠤ ᠢᠷᠡᠭᠰᠡᠨ ᠳᠤᠳᠤᠯᠠᠭᠰᠠᠨ ᠡᠪᠡᠳᠴᠢᠨ᠎ᠤ ᠵᠢᠱ᠌ᠢᠶ᠎ᠡ 8᠂ ᠡᠪᠡᠳᠴᠢᠨ᠎ᠦ ᠢᠯᠡᠷᠡᠯ ᠦᠭᠡᠢ᠎ᠪᠡᠷ ᠬᠠᠯᠳᠠᠪᠤᠷᠢᠯᠠᠭᠳᠠᠭᠴᠢ 16 ᠪᠠᠢᠵᠤ᠂ ᠴᠦᠮ ᠬᠥᠬᠡᠬᠣᠲᠠ᠎ᠳᠤ ᠪᠣᠶ᠃ ᠡᠳᠡᠭᠡᠷ ᠬᠥᠮᠥᠰ ᠢ᠋ ᠴᠥᠮ ᠲᠤᠭᠲᠠᠭᠰᠠᠨ ᠡᠮᠨᠡᠯᠭᠡ ᠶ᠋ᠢᠨ ᠬᠣᠷᠢᠶ᠎ᠠ᠎ᠳᠤ ᠲᠤᠰᠠᠭᠠᠷᠯᠠᠨ ᠡᠮᠴᠢᠯᠡᠵᠦ ᠂ ᠨᠢᠭᠲᠠ ᠣᠢᠷᠠᠲᠤᠭᠰᠠᠳ ᠢ᠋ ᠴᠥᠮ ᠲᠣᠭᠲᠠᠭᠰᠠᠨ ᠭᠠᠵᠠᠷ ᠲᠥᠪᠯᠡᠷᠡᠭᠦᠯᠦᠨ ᠠᠨᠠᠭᠠᠬᠤ ᠤᠬᠠᠭᠠᠨ᠎ᠤ ᠠᠵᠢᠭ᠍ᠯᠠᠯᠲᠠ ᠬᠢᠵᠦ᠂ ᠬᠢᠵᠢᠭ᠌᠎ᠦᠨ ᠲᠠᠷᠬᠠᠬᠤ ᠶ᠋ᠢ ᠴᠢᠩᠭ᠎ᠠ ᠰᠡᠷᠭᠡᠢᠯᠡᠵᠦ ᠪᠤᠢ᠃
ᠢᠷᠡᠯᠳᠡ᠄ ᠦᠪᠦᠷ ᠮᠤᠨᠭᠭᠤᠯ᠎ᠤᠨ ᠡᠷᠡᠬᠦᠯ ᠬᠠᠮᠠᠭᠠᠯᠠᠯ ᠡᠷᠡᠬᠦᠯ ᠮᠡᠨᠳᠦ ᠵᠢᠨ ᠵᠦᠪᠯᠡᠯ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠮᠦᠩᠭᠦᠨᠬᠤᠸᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃