ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡ ᠨᠡᠢᠲᠡᠯᠡᠯ

2022-08-22 10:30:35

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

2022 ᠤᠨ᠎ᠤ 8 ᠰᠠᠷ᠎ᠠ ᠵᠢᠨ 17᠎ᠤ ᠡᠳᠦᠷ᠎ᠤᠨ0 ᠴᠠᠭ ᠡᠴᠡ 24 ᠴᠠᠭ ᠪᠤᠯᠲᠠᠯ᠎ᠠ ᠄

ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ᠎ᠤ ᠲᠤᠬᠠᠢ ᠵᠢᠨ ᠭᠠᠵᠠᠷ᠎ᠤᠨ ᠲᠤᠳᠤᠯᠠᠭᠰᠠᠨ ᠡᠪᠡᠳᠴᠢᠨ᠎ᠤ ᠵᠢᠱ᠌ᠢᠶ᠎ᠡ 5 ᠨᠡᠮᠡᠭᠳᠡᠪᠠ᠂ ᠡᠭᠦᠨ ᠳ᠋ᠦ᠍ ᠬᠦᠬᠡᠬᠤᠳᠠ ᠳ᠋ᠦ᠍ 2(ᠴᠥᠮ ᠲᠤᠰᠠᠭᠠᠷᠯᠠᠬᠤ ᠴᠡᠭ᠎ᠡᠴᠡ ᠪᠠᠢᠴᠠᠭᠠᠵᠤ ᠭᠠᠷᠭᠠᠨ᠂ ᠡᠪᠡᠳᠴᠢᠨ᠎ᠦ ᠢᠯᠡᠷᠡᠯ ᠦᠭᠡᠢ ᠬᠠᠯᠳᠠᠪᠤᠷᠢᠯᠠᠭᠳᠠᠭᠴᠢ ᠡᠴᠡ ᠲᠤᠳᠤᠯᠠᠭᠰᠠᠨ ᠡᠪᠡᠳᠴᠢᠨ ᠪ ᠵᠢᠱ᠌ᠢᠶ᠎ᠡ ᠪᠤᠯᠵᠤ ᠬᠤᠪᠢᠷᠠᠭᠰᠠᠨ 1 ᠵᠢᠱ᠌ᠢᠶ᠎ᠠ ᠪᠠᠭᠳᠠᠨ᠎ᠠ᠂ 8 ᠰᠠᠷ᠎ᠠ ᠵᠢᠨ 13᠎ᠤ ᠡᠳᠤᠷ᠎ᠤᠨ ᠨᠢᠭᠡᠨ ᠠᠶᠠᠯᠠᠯ ᠎ᠤᠨ ᠨᠢᠰᠬᠡᠯ᠎ᠤᠨ ᠳᠤᠳᠤᠯᠠᠭᠰᠠᠨ ᠡᠪᠡᠳᠴᠢᠨ᠎ᠤ ᠵᠢᠱ᠌ᠢᠶ᠎ᠡ ᠵᠢᠨ ᠨᠢᠭᠳᠠ ᠤᠢᠷᠠᠳᠤᠭᠴᠢ)᠂ ᠬᠦᠯᠦᠨ ᠪᠤᠢᠷ ᠬᠤᠳᠠ ᠳ᠋ᠦ᠍ 3 (ᠴᠦᠮ ᠮᠠᠨᠵᠤᠤᠷ ᠬᠤᠳᠠ ᠳ᠋ᠦ᠍ ᠪᠤᠢ᠂ ᠡᠭᠦᠨ᠎ᠳ᠋ᠦ 1 ᠵᠢ ᠨᠢ ᠭᠤᠤᠯᠳᠠᠭ᠎ᠠ ᠲᠠᠢ ᠬᠦᠮᠦᠰ ᠡᠴᠡ ᠪᠠᠢᠴᠠᠭᠠᠵᠤ ᠭᠠᠷᠭᠠᠨ᠂ 2 ᠵᠢ ᠨᠢ ᠲᠤᠰᠠᠭᠠᠷᠯᠠᠬᠤ ᠴᠡᠭ᠎ᠡᠴᠡ ᠪᠠᠢᠴᠠᠭᠠᠵᠤ ᠭᠠᠷᠭᠠᠪᠠ)᠃ ᠲᠤᠬᠠᠢ ᠵᠢᠨ ᠭᠠᠵᠠᠷ᠎ᠤᠨ ᠡᠪᠡᠳᠴᠢᠨ᠎ᠦ ᠢᠯᠡᠷᠡᠯ ᠦᠭᠡᠢ ᠬᠠᠯᠳᠠᠪᠤᠷᠢᠯᠠᠭᠳᠠᠭᠴᠢ 2 ᠨᠡᠮᠡᠭᠳᠡᠪᠠ (ᠴᠥᠮ ᠲᠤᠰᠠᠭᠠᠷᠯᠠᠬᠤ ᠴᠡᠭ᠎ᠡᠴᠡ ᠪᠠᠢᠴᠠᠭᠠᠵᠤ ᠭᠠᠷᠭᠠᠵᠤ᠂ ᠬᠦᠬᠡᠬᠤᠳᠠ ᠳ᠋ᠤ ᠪᠤᠢ ᠂ ᠡᠭᠦᠨ ᠳ᠋ᠦ 1 ᠨᠢ ᠦᠴᠤᠸᠠᠨ ᠰᠢᠶᠠᠨ᠎ᠤ ᠳᠤᠳᠤᠯᠠᠭᠰᠠᠨ ᠡᠪᠡᠳᠴᠢᠨ᠎ᠤ ᠵᠢᠱ᠌ᠢᠶ᠎ᠡ ᠵᠢᠨ ᠨᠢᠭᠳᠠ ᠤᠢᠷᠠᠳᠤᠭᠴᠢ᠂ 1 ᠨᠢ ᠭᠠᠳᠠᠷ ᠮᠤᠵᠢ ᠵᠢᠨ ᠬᠦᠷᠭᠡᠭᠰᠡᠨ ᠳᠤᠳᠤᠯᠠᠭᠰᠠᠨ ᠡᠪᠡᠳᠴᠢᠨ᠎ᠤ ᠵᠢᠱ᠌ᠢᠶ᠎ᠡ ᠵᠢᠨ ᠨᠢᠭᠳᠠ ᠤᠢᠷᠠᠳᠤᠭᠴᠢ)᠃ ᠲᠤᠬᠠᠢ ᠵᠢᠨ ᠭᠠᠵᠠᠷ ᠎ᠤᠨ ᠲᠤᠳᠤᠯᠠᠭᠰᠠᠨ ᠡᠪᠡᠳᠴᠢᠨ ᠪ ᠵᠢᠱ᠌ᠢᠶ᠎ᠡ 12 (ᠰᠢᠯᠢ᠎ᠶᠢᠨ ᠭᠣᠣᠯ ᠠᠢᠮᠠᠭ᠎ᠤᠨ ᠡᠷᠢᠶᠡᠨ ᠬᠣᠲᠠ᠎ᠳᠤ 4᠂ ᠤᠯᠠᠭᠠᠨᠴᠠᠪ ᠬᠣᠲᠠ᠎ᠳᠤ 8) ᠢᠯᠡᠷᠢᠰᠢᠵᠦ ᠡᠮᠨᠡᠯᠭᠡ᠎ᠡᠴᠡ ᠭᠠᠷᠴᠠᠢ ᠃ ᠠᠨᠠᠭᠠᠬᠤ ᠤᠬᠠᠭᠠᠨ᠎ᠤ ᠠᠵᠢᠭ᠍ᠯᠠᠯᠲᠠ᠎ᠡᠴᠡ ᠭᠠᠷᠭᠠᠭᠰᠠᠨ ᠲᠤᠬᠠᠢ ᠵᠢᠨ ᠭᠠᠵᠠᠷ᠎ᠤᠨ ᠡᠪᠡᠳᠴᠢᠨ᠎ᠦ ᠢᠯᠡᠷᠡᠯ ᠦᠭᠡᠢ ᠬᠠᠯᠳᠠᠪᠤᠷᠢᠯᠠᠭᠳᠠᠭᠴᠢ 2 (ᠰᠢᠯᠢ᠎ᠶᠢᠨ ᠭᠣᠣᠯ ᠠᠢᠮᠠᠭ᠎ᠲᠦ 1᠂ ᠤᠯᠠᠭᠠᠨᠴᠠᠪ ᠬᠤᠳᠠ ᠳ᠋ᠤ 1) ᠪᠤᠢ᠃ ᠬᠢᠯᠢ ᠎ᠶ᠋ᠢᠨ ᠭᠠᠳᠠᠨ᠎ᠠ ᠡᠴᠠ ᠤᠷᠤᠵᠦ᠍ ᠢᠷᠡᠭ᠌ᠰᠡᠨ ᠲᠤᠳᠤᠯᠠᠭᠰᠠᠨ ᠡᠪᠡᠳᠴᠢᠨ ᠪ ᠵᠢᠱ᠌ᠢᠶ᠎ᠡ 3 ᠢᠯᠡᠷᠢᠰᠢᠵᠦ ᠡᠮᠨᠡᠯᠭᠡ᠎ᠡᠴᠡ ᠭᠠᠷᠴᠤ᠂ 4 ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠳᠠᠭᠴᠢ ᠶ᠋ᠢ ᠠᠨᠠᠭᠠᠬᠤ ᠤᠬᠠᠭᠠᠨ᠎ᠤ ᠠᠵᠢᠭ᠍ᠯᠠᠯᠳᠠ ᠎ᠠᠴᠠ ᠭᠠᠷᠭᠠᠪᠠ (ᠴᠦᠮ ᠨᠡᠢᠰᠯᠡᠯ᠎ᠤᠨ ᠨᠢᠰᠬᠡᠯ᠎ᠤᠨ ᠪᠠᠭᠤᠳᠠᠯ᠎ᠤᠨ ᠤᠯᠠᠨ ᠤᠯᠤᠰ᠎ᠤᠨ ᠡᠭᠡᠯᠵᠢ ᠵᠢᠨ ᠨᠢᠰᠬᠡᠯ᠎ᠢ ᠬᠦᠬᠡᠬᠤᠳᠠ ᠵᠢᠨ ᠴᠠᠭᠠᠨ ᠰᠤᠪᠤᠷᠭ᠎ᠠ ᠤᠯᠠᠨ ᠤᠯᠤᠰ᠎ᠤᠨ ᠨᠢᠰᠬᠡᠯ᠎ᠤᠨ ᠪᠠᠭᠤᠳᠠᠯ ᠳ᠋ᠤ ᠬᠤᠪᠢᠶᠠᠷᠢᠯᠠᠨ ᠪᠠᠭᠤᠯᠭᠠᠭᠰᠠᠨ)᠃

8 ᠰᠠᠷ᠎ᠠ᠎ᠶᠢᠨ 17᠎ᠤ ᠡᠳᠦᠷ ᠎ᠦᠨ 24 ᠴᠠᠭ ᠪᠣᠯᠲᠠᠯ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠣᠳᠣ᠌ ᠪᠠᠢᠭ᠎ᠠ ᠲᠤᠬᠠᠢ ᠵᠢᠨ ᠭᠠᠵᠠᠷ᠎ᠤᠨ ᠲᠤᠳᠤᠯᠠᠭᠰᠠᠨ ᠡᠪᠡᠳᠴᠢᠨ᠎ᠤ ᠵᠢᠱ᠌ᠢᠶ᠎ᠡ 66 ᠪᠤᠶ᠂ ᠡᠭᠦᠨ᠎ᠳᠦ ᠬᠦᠬᠡᠬᠤᠳᠠ ᠳ᠋ᠤ 9᠂ ᠬᠦᠯᠦᠨ ᠪᠤᠢᠷ ᠬᠤᠳᠠ ᠳ᠋ᠦ᠍ 3᠂ ᠰᠢᠯᠢ᠎ᠶᠢᠨ ᠭᠣᠣᠯ ᠠᠢᠮᠠᠭ᠎ᠲᠤ 9᠂ ᠤᠯᠠᠭᠠᠨᠴᠠᠪ ᠬᠣᠲᠠ 44᠂ ᠪᠠᠶᠠᠨᠨᠠᠭᠤᠷ ᠬᠣᠲᠠ ᠳ᠋ᠤ 1 ᠪᠤᠢ᠂ ᠲᠤᠬᠠᠢ ᠵᠢᠨ ᠭᠠᠵᠠᠷ ᠎ᠤᠨ ᠡᠪᠡᠳᠴᠢᠨ᠎ᠦ ᠢᠯᠡᠷᠡᠯ ᠦᠭᠡᠢ ᠬᠠᠯᠳᠠᠪᠤᠷᠢᠯᠠᠭᠳᠠᠭᠴᠢ 38 ᠪᠣᠶ᠂ ᠡᠭᠦᠨ᠎ᠳᠦ ᠬᠦᠬᠡᠬᠤᠳᠠ ᠳ᠋ᠤ 2᠂ ᠰᠢᠯᠢ᠎ᠶᠢᠨ ᠭᠣᠣᠯ ᠠᠢᠮᠠᠭ᠎ᠲᠤ 3᠂ ᠤᠯᠠᠭᠠᠨᠴᠠᠪ ᠬᠣᠲᠠ᠎ᠳᠤ 33 ᠪᠣᠶ᠃ ᠬᠢᠯᠢ᠎ᠶᠢᠨ ᠭᠠᠳᠠᠨ᠎ᠠ᠎ᠠᠴᠠ ᠤᠷᠤᠵᠤ ᠢᠷᠡᠭᠰᠡᠨ ᠳᠤᠳᠤᠯᠠᠭᠰᠠᠨ ᠡᠪᠡᠳᠴᠢᠨ᠎ᠦ ᠵᠢᠱ᠌ᠢᠶ᠎ᠡ 8᠂ ᠡᠪᠡᠳᠴᠢᠨ᠎ᠦ ᠢᠯᠡᠷᠡᠯ ᠦᠭᠡᠢ᠎ᠪᠡᠷ ᠬᠠᠯᠳᠠᠪᠤᠷᠢᠯᠠᠭᠳᠠᠭᠴᠢ 10 ᠪᠠᠢᠵᠤ᠂ ᠴᠦᠮ ᠬᠥᠬᠡᠬᠣᠲᠠ᠎ᠳᠤ ᠪᠣᠶ ᠃ ᠡᠳᠡᠭᠡᠷ ᠬᠥᠮᠥᠰ ᠢ᠋ ᠴᠥᠮ ᠲᠤᠭᠲᠠᠭᠰᠠᠨ ᠡᠮᠨᠡᠯᠭᠡ ᠶ᠋ᠢᠨ ᠬᠣᠷᠢᠶ᠎ᠠ᠎ᠳᠤ ᠲᠤᠰᠠᠭᠠᠷᠯᠠᠨ ᠡᠮᠴᠢᠯᠡᠵᠦ ᠂ ᠨᠢᠭᠲᠠ ᠣᠢᠷᠠᠲᠤᠭᠰᠠᠳ ᠢ᠋ ᠴᠥᠮ ᠲᠣᠭᠲᠠᠭᠰᠠᠨ ᠭᠠᠵᠠᠷ ᠲᠥᠪᠯᠡᠷᠡᠭᠦᠯᠦᠨ ᠠᠨᠠᠭᠠᠬᠤ ᠤᠬᠠᠭᠠᠨ᠎ᠤ ᠠᠵᠢᠭ᠍ᠯᠠᠯᠲᠠ ᠬᠢᠵᠦ ᠂ ᠬᠢᠵᠢᠭ᠌᠎ᠦᠨ ᠲᠠᠷᠬᠠᠬᠤ ᠶ᠋ᠢ ᠴᠢᠩᠭ᠎ᠠ ᠰᠡᠷᠭᠡᠢᠯᠡᠵᠦ ᠪᠤᠢ᠃

ᠢᠷᠡᠯᠳᠡ᠄ ᠦᠪᠦᠷ ᠮᠤᠨᠭᠭᠤᠯ᠎ᠤᠨ ᠡᠷᠡᠬᠦᠯ ᠬᠠᠮᠠᠭᠠᠯᠠᠯ ᠡᠷᠡᠬᠦᠯ ᠮᠡᠨᠳᠦ ᠵᠢᠨ ᠵᠦᠪᠯᠡᠯ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面