2022-09-02 11:22:49
2022 ᠤᠨ᠎ᠤ 9 ᠰᠠᠷ᠎ᠠ ᠶ᠋ᠢᠨ 1᠎ᠤ ᠡᠳᠦᠷ᠎ᠦᠨ 0 ᠴᠠᠭ ᠡᠴᠡ 24 ᠴᠠᠭ ᠪᠣᠯᠲᠠᠯ᠎ᠠ᠄
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠲᠤᠬᠠᠶ᠎ᠶ᠋ᠢᠨ ᠭᠠᠵᠠᠷ᠎ᠤᠨ ᠳᠣᠲᠣᠯᠠᠭ᠍ᠰᠠᠨ ᠡᠪᠡᠳᠴᠢᠨ᠎ᠦ ᠵᠢᠱ᠌ᠢᠶ᠎ᠡ 2 ᠨᠡᠮᠡᠭᠳᠡᠪᠡ (ᠴᠦᠮ ᠳᠤᠰᠠᠭᠠᠷᠯᠠᠬᠤ ᠴᠡᠭ ᠡᠴᠡ ᠪᠠᠢᠴᠠᠭᠠᠨ ᠭᠠᠷᠭᠠᠪᠠ᠂ ᠬᠦᠬᠡᠬᠤᠳᠠ ᠳ᠋ᠤ ᠪᠤᠢ᠂ 8 ᠰᠠᠷ᠎ᠠ ᠵᠢᠨ 31᠎ᠤ ᠡᠳᠦᠷ᠎ᠤᠨ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭᠳᠠᠬᠴᠢ᠎ᠶ᠋ᠢᠨ ᠨᠢᠬᠲᠠ ᠤᠢᠷᠠᠳᠤᠭᠴᠢ ᠪᠤᠯᠤᠨ᠎ᠠ)᠂ ᠲᠤᠬᠠᠶ᠎ᠶ᠋ᠢᠨ ᠭᠠᠵᠠᠷ᠎ᠤᠨ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭᠳᠠᠬᠴᠢ 6 ᠨᠡᠮᠡᠭᠳᠡᠪᠡ᠂ ᠡᠬᠦᠨ ᠳ᠋ᠤ ᠬᠦᠬᠡᠬᠤᠳᠠ ᠳ᠋ᠤ 1 (ᠭᠠᠳᠠᠷ ᠮᠤᠵᠢ ᠡᠴᠡ ᠪᠤᠴᠠᠵᠦ ᠢᠷᠡᠭᠰᠡᠨ᠂ ᠪᠠᠭᠤᠭᠰᠠᠨ ᠭᠠᠵᠠᠷ᠎ᠤᠨ ᠪᠦᠭᠡᠮ ᠬᠦᠴᠢᠯ᠎ᠤᠨ ᠪᠠᠢᠴᠠᠭᠠᠯᠳᠠ ᠡᠴᠡ ᠪᠠᠢᠴᠠᠭᠠᠵᠦ ᠭᠠᠷᠭᠠᠪᠠ)᠂ ᠰᠢᠯᠢ ᠵᠢᠨ ᠭᠤᠤᠯ ᠠᠢᠮᠠᠭ ᠲᠤ᠌ 5 (ᠴᠦᠮ ᠳᠤᠰᠠᠭᠠᠷᠯᠠᠬᠤ ᠴᠡᠭ ᠡᠴᠡ ᠪᠠᠢᠴᠠᠭᠠᠨ ᠭᠠᠷᠭᠠᠪᠠ᠂ ᠡᠷᠢᠶᠡᠨ ᠬᠤᠳᠠ ᠳ᠋ᠤ ᠪᠤᠢ)᠃ ᠬᠢᠯᠢ ᠵᠢᠨ ᠭᠠᠳᠠᠨ᠎ᠠ ᠡᠴᠡ ᠤᠷᠤᠵᠤ ᠢᠷᠡᠭᠰᠡᠨ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭᠳᠠᠬᠴᠢ 1 ᠨᠡᠮᠡᠭᠳᠡᠵᠦ᠂ ᠨᠡᠢᠰᠯᠡᠯ᠎ᠤᠨ ᠨᠢᠰᠬᠡᠯ᠎ᠤᠨ ᠪᠠᠭᠤᠳᠠᠯ᠎ᠤᠨ ᠤᠯᠠᠨ ᠤᠯᠤᠰ᠎ᠤᠨ ᠡᠭᠡᠯᠵᠢ ᠵᠢᠨ ᠨᠢᠰᠬᠡᠯ᠎ᠢ ᠬᠦᠬᠡᠬᠤᠳᠠ᠎ᠶ᠋ᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠳ᠋ᠤ ᠬᠤᠪᠢᠶᠠᠷᠢᠯᠠᠨ ᠪᠠᠭᠤᠯᠭᠠᠭᠰᠠᠨ ᠳ᠋ᠤ ᠪᠠᠢᠨ᠎ᠠ᠃ ᠢᠯᠡᠷᠢᠰᠢᠵᠦ ᠡᠮᠨᠡᠯᠭᠡ ᠡᠴᠡ ᠭᠠᠷᠤᠭᠰᠠᠨ ᠲᠤᠬᠠᠶ᠎ᠶ᠋ᠢᠨ ᠭᠠᠵᠠᠷ᠎ᠤᠨ ᠡᠪᠡᠳᠴᠢᠨ᠎ᠦ ᠵᠢᠱ᠌ᠢᠶ᠎ᠡ 4 ᠪᠠᠢᠵᠤ᠂ ᠬᠦᠯᠦᠨ ᠪᠤᠢᠷ ᠬᠤᠳᠠ ᠳ᠋ᠤ 1 (ᠮᠠᠨᠵᠤᠤᠷ ᠲᠦ᠍ ᠪᠤᠢ)᠂ ᠰᠢᠯᠢ ᠵᠢᠨ ᠭᠤᠤᠯ ᠠᠢᠮᠠᠭ ᠲᠤ᠌ 2 (ᠴᠦᠮ ᠡᠷᠢᠶᠡᠨ ᠬᠤᠳᠠ ᠳ᠋ᠤ ᠪᠤᠢ)᠂ ᠤᠯᠠᠭᠠᠨᠴᠠᠪ ᠬᠤᠳᠡ ᠳ᠋ᠤ 2 (ᠴᠦᠮ ᠴᠠᠬᠠᠷ ᠪᠠᠷᠠᠭᠤᠨ ᠭᠠᠷᠤᠨ ᠬᠤᠢᠳᠦ ᠬᠤᠰᠢᠭᠤᠨ ᠳ᠋ᠦ ᠪᠤᠢ)᠃ ᠠᠨᠠᠭᠠᠬᠤ ᠤᠬᠠᠭᠠᠨ᠎ᠦ ᠠᠵᠢᠬᠯᠠᠯᠳᠠ ᠡᠴᠡ ᠭᠠᠷᠭᠠᠭᠰᠠᠨ ᠲᠤᠬᠠᠶ ᠵᠢᠨ ᠭᠠᠵᠠᠷ᠎ᠤᠨ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭᠳᠠᠬᠴᠢ 2 ᠪᠠᠢᠵᠦ᠂ ᠬᠦᠯᠦᠨ ᠪᠤᠢᠷ ᠬᠤᠳᠠ ᠳ᠋ᠤ 1 (ᠮᠠᠨᠵᠤᠤᠷ ᠲᠦ᠍ ᠪᠤᠢ)᠂ ᠤᠯᠠᠭᠠᠨᠴᠠᠪ ᠬᠤᠳᠠ ᠳ᠋ᠤ 1 ( ᠴᠠᠬᠠᠷ ᠪᠠᠷᠠᠭᠤᠨ ᠭᠠᠷᠤᠨ ᠬᠤᠢᠳᠦ ᠬᠤᠰᠢᠭᠤᠨ ᠳ᠋ᠦ ᠪᠤᠢ)᠃ ᠢᠯᠡᠷᠢᠰᠢᠵᠦ ᠡᠮᠨᠡᠯᠭᠡ ᠡᠴᠡ ᠭᠠᠷᠤᠭᠰᠠᠨ ᠬᠢᠯᠢ ᠵᠢᠨ ᠭᠠᠳᠠᠨ᠎ᠠ ᠡᠴᠡ ᠤᠷᠤᠵᠤ ᠢᠷᠡᠭᠰᠡᠨ ᠳᠣᠲᠣᠯᠠᠭ᠍ᠰᠠᠨ ᠡᠪᠡᠳᠴᠢᠨ᠎ᠦ ᠵᠢᠱ᠌ᠢᠶ᠎ᠡ 1᠂ ᠠᠨᠠᠭᠠᠬᠤ ᠤᠬᠠᠭᠠᠨ᠎ᠤ ᠠᠵᠢᠬᠯᠠᠯᠳᠠ ᠡᠴᠡ ᠭᠠᠷᠭᠠᠭᠰᠠᠨ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭᠳᠠᠬᠴᠢ 1 ᠪᠠᠢᠵᠦ᠂ ᠨᠡᠢᠰᠯᠡᠯ ᠤᠨ ᠨᠢᠰᠬᠡᠯ ᠤᠨ ᠪᠠᠭᠤᠳᠠᠯ᠎ᠤᠨ ᠤᠯᠠᠨ ᠤᠯᠤᠰ᠎ᠤᠨ ᠡᠭᠡᠯᠵᠢ ᠵᠢᠨ ᠨᠢᠰᠬᠡᠯ᠎ᠢ ᠬᠦᠬᠡᠬᠤᠳᠠ ᠵᠢᠨ ᠴᠠᠭᠠᠨ ᠰᠤᠪᠤᠷᠭ᠎ᠠ ᠤᠯᠠᠨ ᠤᠯᠤᠰ᠎ᠤᠨ ᠨᠢᠰᠬᠡᠯ᠎ᠤᠨ ᠪᠠᠭᠤᠳᠠᠯ ᠳ᠋ᠤ ᠬᠤᠪᠢᠶᠠᠷᠢᠯᠠᠨ ᠪᠠᠭᠤᠯᠭᠠᠭᠰᠠᠨ ᠳ᠋ᠤ ᠪᠠᠢᠨ᠎ᠠ᠃
9 ᠰᠠᠷ᠎ᠠ᠎ᠶ᠋ᠢᠨ1᠎ᠤ ᠡᠳᠦᠷ᠎ᠦᠨ 24 ᠴᠠᠭ ᠪᠣᠯᠲᠠᠯ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠳᠤ ᠣᠲᠣ ᠪᠠᠢᠭ᠎ᠠ ᠲᠤᠬᠠᠶ ᠶ᠋ᠢᠨ ᠭᠠᠵᠠᠷ ᠤᠨ ᠳᠣᠲᠣᠯᠠᠭ᠍ᠰᠠᠨ ᠡᠪᠡᠳᠴᠢᠨ᠎ᠦ ᠵᠢᠱ᠌ᠢᠶ᠎ᠡ 36 ᠪᠤᠢ᠂ ᠡᠬᠦᠨ ᠳ᠋ᠤ ᠬᠦᠬᠡᠬᠤᠳᠠ ᠳ᠋ᠤ 3᠂ ᠬᠦᠯᠦᠨ ᠪᠤᠢᠷ ᠬᠤᠳᠠ ᠳ᠋ᠤ 5 (ᠴᠦᠮ ᠮᠠᠨᠵᠤᠤᠷ ᠲᠸ᠋ ᠪᠤᠢ)᠂ ᠰᠢᠯᠢ ᠵᠢᠨ ᠭᠤᠤᠯ ᠠᠢᠮᠠᠭ ᠲᠸ᠋ 21(ᠴᠦᠮ ᠡᠷᠢᠶᠡᠨ ᠬᠤᠳᠠ ᠳ᠋ᠦ ᠪᠤᠢ)᠂ ᠤᠯᠠᠭᠠᠨᠴᠠᠪ ᠬᠤᠳᠡ ᠳ᠋ᠤ 1 (ᠴᠠᠬᠠᠷ ᠪᠠᠷᠠᠭᠤᠨ ᠭᠠᠷᠤᠨ ᠬᠤᠢᠳᠦ ᠬᠤᠰᠢᠭᠤᠨ ᠳ᠋ᠦ ᠪᠤᠢ)᠂ ᠤᠷᠳᠤᠰ ᠬᠤᠳᠠ ᠳ᠋ᠦ 6 (ᠵᠡᠬᠦᠨᠭᠠᠷ ᠬᠤᠰᠢᠭᠤᠨ ᠳ᠋ᠤ 5᠂ ᠤᠲᠤᠭ ᠬᠤᠰᠢᠭᠤᠨ ᠳ᠋ᠦ 1) ᠪᠤᠢ᠃ ᠲᠤᠬᠠᠶ ᠶ᠋ᠢᠨ ᠭᠠᠵᠠᠷ᠎ᠤᠨ ᠡᠪᠡᠳᠴᠢᠨ ᠦ ᠢᠯᠡᠷᠡᠯ ᠥᠬᠡᠶ ᠬᠠᠯᠳᠠᠪᠤᠷᠢᠯᠠᠭᠳᠠᠬᠴᠢ 45 ᠪᠠᠢᠵᠦ᠂ ᠡᠬᠦᠨ ᠳ᠋ᠤ ᠬᠦᠬᠡᠬᠤᠳᠠ ᠳ᠋ᠤ 2᠂ ᠰᠢᠯᠢ ᠵᠢᠨ ᠭᠤᠤᠯ ᠠᠢᠮᠠᠭ ᠲᠸ᠋ 40 (ᠴᠦᠮ ᠡᠷᠢᠶᠡᠨ ᠬᠤᠳᠠ ᠳ᠋ᠦ ᠪᠤᠢ)᠂ ᠠᠯᠠᠱᠠ ᠠᠢᠮᠠᠭ ᠲᠸ᠋ 3 (ᠴᠦᠮ ᠠᠯᠠᠱᠠ ᠵᠡᠬᠦᠨ ᠬᠤᠰᠢᠭᠤᠨ ᠳ᠋ᠤ ᠪᠤᠢ)᠃ ᠬᠢᠯᠢ ᠵᠢᠨ ᠭᠠᠳᠠᠨ᠎ᠠ ᠡᠴᠡ ᠤᠷᠤᠵᠤ ᠢᠷᠡᠭᠰᠡᠨ ᠳᠤᠳᠤᠯᠠᠭᠰᠠᠨ ᠡᠪᠡᠳᠴᠢᠨ᠎ᠦ ᠵᠢᠱ᠌ᠢᠶ᠎ᠡ 19᠂ ᠡᠪᠡᠳᠴᠢᠨ᠎ᠤ ᠢᠯᠡᠷᠡᠯ ᠥᠬᠡᠶ ᠬᠠᠯᠳᠠᠪᠤᠷᠢᠯᠠᠭᠳᠠᠬᠴᠢ 8 ᠪᠠᠢᠵᠦ᠂ ᠴᠦᠮ ᠬᠦᠬᠡᠬᠤᠳᠠ ᠳᠤ ᠪᠤᠢ᠃ ᠪᠦᠬᠦᠨ᠎ᠢ ᠲᠣᠭ᠍ᠲᠠᠭ᠍ᠰᠠᠨ ᠡᠮᠨᠡᠯᠭᠡ᠎ᠶ᠋ᠢᠨ ᠬᠣᠷᠢᠶ᠎ᠠ ᠳᠤ ᠲᠤᠰᠠᠭᠠᠷᠯᠠᠨ ᠡᠮᠴᠢᠯᠡᠵᠦ᠍᠂ ᠨᠢᠭ᠍ᠲᠠ ᠣᠢᠷᠠᠲᠤᠭ᠍ᠰᠠᠳᠢᠨᠢ ᠴᠥᠮ ᠲᠣᠭ᠍ᠲᠠᠭ᠍ᠰᠠᠨ ᠭᠠᠵᠠᠷ ᠲᠥᠪᠯᠡᠷᠡᠭᠦᠯᠦᠨ ᠠᠨᠠᠭᠠᠬᠤ ᠤᠬᠠᠭᠠᠨ᠎ᠤ ᠠᠵᠢᠭ᠍ᠯᠠᠯᠲᠠ ᠬᠢᠵᠦ᠍᠂ ᠬᠢᠵᠢᠭ ᠲᠠᠷᠬᠠᠬᠤ ᠶ᠋ᠢ ᠴᠢᠩᠭ᠎ᠠ ᠰᠡᠷᠭᠡᠢᠯᠡᠵᠦ᠍ ᠪᠣᠶ᠃
ᠢᠷᠡᠯᠳᠡ᠄ ᠦᠪᠦᠷ ᠮᠤᠡᠭᠭᠤᠯ᠎ᠤᠨ ᠡᠷᠡᠬᠦᠯ ᠬᠠᠮᠠᠭᠠᠯᠠᠯ ᠡᠷᠡᠬᠦᠯ ᠮᠡᠨᠳᠦ ᠵᠢᠨ ᠵᠦᠪᠯᠡᠯ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃