ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡ ᠨᠡᠢᠲᠡᠯᠡᠯ

2022-09-14 17:31:44

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠬᠢᠯᠢ᠎ᠵᠢᠨ ᠭᠠᠳᠠᠨ᠎ᠠ ᠡᠴᠡ ᠤᠷᠤᠵᠤ ᠢᠷᠡᠭᠰᠡᠨ ᠲᠤᠳᠤᠯᠠᠭᠰᠠᠨ ᠡᠪᠡᠳᠴᠢᠨ᠎ᠤ ᠵᠢᠱ᠌ᠢᠶ᠎ᠡ ᠪᠠ ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠳᠠᠭᠴᠢ ᠨᠡᠮᠡᠭᠳᠡᠭᠰᠡᠨ ᠦᠭᠡᠢ᠃ ᠲᠤᠬᠠᠶ᠎ᠶ᠋ᠢᠨ ᠭᠠᠵᠠᠷ᠎ᠤᠨ᠎ᠳᠣᠲᠣᠯᠠᠭ᠍ᠰᠠᠨ ᠡᠪᠡᠳᠴᠢᠨ᠎ᠦ ᠵᠢᠱ᠌ᠢᠶ᠎ᠡ 7 ᠨᠡᠮᠡᠭᠳᠡᠪᠡ᠂ ᠴᠦᠮ ᠤᠯᠠᠭᠠᠨᠬᠠᠳᠠ ᠬᠤᠳᠠ ᠳ᠋ᠤ(ᠰᠦᠩᠱᠠᠨ ᠲᠤᠭᠤᠷᠢᠭ ᠲᠤ᠌ 6᠂ ᠡᠭᠦᠨ ᠎ᠳᠦ 5 ᠵᠢ ᠨᠢ ᠦᠨᠳᠤᠷ ᠲᠦᠭᠰᠢᠭᠦᠷᠢᠳᠡᠢ ᠤᠷᠤᠨ ᠡᠴᠡ ᠰᠢᠭᠰᠢᠨ ᠪᠠᠢᠴᠠᠭᠠᠠ ᠭᠠᠷᠭᠠᠵᠤ᠂ 1 ᠶ᠋ᠢ ᠨᠢ ᠳᠤᠰᠠᠭᠠᠷᠯᠠᠬᠤ ᠴᠡᠭ ᠡᠴᠡ ᠪᠠᠢᠴᠠᠭᠠᠨ ᠭᠠᠷᠭᠠᠪᠠ︔ ᠠᠷᠤ ᠬᠤᠷᠴᠢᠨ ᠬᠤᠱᠢᠭᠤᠨ᠎ᠳᠤ 1᠂ ᠰᠠᠨᠠᠭᠠᠴᠢᠯᠠᠭ᠎ᠠ ᠎ᠠᠴᠠ ᠪᠡᠨ ᠡᠪᠡᠳᠴᠢᠨ ᠦᠵᠡᠬᠦᠯᠬᠦ᠌ ᠲᠣᠮᠲᠠ ᠪᠠᠢᠴᠠᠭᠠᠨ ᠭᠠᠷᠭᠠᠵᠠᠢ)ᠪᠤᠢ᠃ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭᠳᠠᠬᠴᠢ 11 ᠨᠡᠮᠡᠭᠳᠡᠪᠡ᠂ ᠡᠭᠦᠨ ᠳ᠋ᠤ ᠤᠯᠠᠭᠠᠨᠬᠠᠳᠠ ᠬᠤᠳᠠ ᠳ᠋ᠤ 3 (ᠰᠦᠩᠱᠠᠨ ᠲᠤᠭᠤᠷᠢᠭ ᠲᠤ᠌ 1᠂ ᠤᠩᠨᠢᠭᠤᠳ ᠬᠤᠰᠢᠭᠤᠨ ᠳ᠋ᠤ 2 ᠪᠤᠢ᠂ ᠴᠦᠮ ᠳᠤᠰᠠᠭᠠᠷᠯᠠᠬᠤ ᠴᠡᠭ ᠡᠴᠡ ᠪᠠᠢᠴᠠᠭᠠᠨ ᠭᠠᠷᠭᠠᠪᠠ)᠂ ᠪᠠᠶᠠᠨᠨᠠᠭᠤᠷ ᠬᠤᠳᠡ ᠳ᠋ᠤ 3(ᠴᠦᠮ ᠯᠢᠨ ᠾᠸ ᠲᠤᠭᠤᠷᠢᠭ ᠲᠸ᠋ ᠪᠠᠢᠵᠦ᠍᠂ ᠳᠤᠰᠠᠭᠠᠷᠯᠠᠬᠤ ᠴᠡᠭ ᠡᠴᠡ ᠪᠠᠢᠴᠠᠭᠠᠨ ᠭᠠᠷᠭᠠᠪᠠ)᠂ ᠠᠯᠠᠱᠠ ᠠᠢᠮᠠᠭ ᠲᠤ᠌ 5 (ᠴᠦᠮ ᠴᠡᠭᠡ ᠪᠤᠭᠤᠮᠲᠠ ᠳ᠋ᠤ ᠪᠠᠢᠵᠦ᠍᠂ ᠳᠤᠰᠠᠭᠠᠷᠯᠠᠬᠤ ᠴᠡᠭ ᠡᠴᠡ ᠪᠠᠢᠴᠠᠭᠠᠨ ᠭᠠᠷᠭᠠᠪᠠ) ᠪᠤᠢ᠃ ᠢᠯᠡᠷᠢᠰᠢᠵᠦ ᠡᠮᠨᠡᠯᠭᠡ ᠡᠴᠡ ᠭᠠᠷᠤᠭᠰᠠᠨ ᠲᠤᠬᠠᠶ᠎ᠶ᠋ᠢᠨ ᠭᠠᠵᠠᠷ᠎ᠤᠨ ᠡᠪᠡᠳᠴᠢᠨ᠎ᠦ ᠵᠢᠱ᠌ᠢᠶ᠎ᠡ 4 ᠪᠠᠢᠵᠤ᠂ ᠡᠭᠦᠨ ᠎ᠳᠦ ᠬᠦᠬᠡᠬᠤᠳᠠ᠎ᠳᠤ 1(ᠪᠠᠭᠠᠤᠬ᠍ᠰᠠᠨ ᠭᠠᠵᠠᠷ ᠲᠡᠬᠢ ᠪᠦᠭᠡᠮ ᠬᠦᠴᠢᠯ᠎ᠦᠨ ᠪᠠᠢᠴᠠᠭᠠᠯᠳᠠ ᠎ᠪᠠᠷ ᠢᠯᠡᠷᠡᠬᠦᠯᠦᠭ᠌ᠰᠡᠨ ᠡᠪᠡᠳᠴᠢᠨ᠎ᠦ ᠵᠢᠱ᠌ᠢᠶ᠎ᠡ᠎ᠶ᠋ᠢᠨ ᠨᠢᠭ᠍ᠲᠠ ᠣᠢ᠌ᠷᠠᠳᠤᠬ᠍ᠴᠢ)᠂ ᠬᠦᠯᠦᠨ ᠪᠤᠢᠷ ᠬᠤᠲᠠ ᠳ᠋ᠤ 1(ᠮᠠᠨᠵᠤᠤᠷ ᠬᠤᠳᠡ ᠳ᠋ᠤ ᠪᠤᠢ)᠂ ᠰᠢᠯᠢ ᠵᠢᠨ ᠭᠤᠤᠯ ᠠᠢᠮᠠᠭ ᠲᠤ᠌ 2 (ᠰᠢᠯᠢᠩᠬᠤᠲᠠ ᠳ᠋ᠤ 1᠂ ᠡᠷᠢᠶᠡᠨ ᠬᠤᠳᠠ ᠳ᠋ᠤ 1 ᠪᠤᠢ)᠃ ᠠᠨᠠᠭᠠᠬᠤ ᠤᠬᠠᠭᠠᠨ᠎ᠤ ᠠᠵᠢᠬᠯᠠᠯᠳᠠ ᠡᠴᠡ ᠭᠠᠷᠭᠠᠭᠰᠠᠨ ᠲᠤᠬᠠᠶ ᠵᠢᠨ ᠭᠠᠵᠠᠷ᠎ᠤᠨ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭᠳᠠᠬᠴᠢ 6 ᠪᠠᠢᠵᠦ᠂ ᠴᠦᠮ ᠰᠢᠯᠢ᠎ᠵᠢᠨ ᠭᠤᠤᠯ ᠠᠢᠮᠠᠭ ᠎ᠤᠨ ᠡᠷᠢᠶᠡᠨ ᠬᠤᠳᠠ ᠳ᠋ᠤ ᠪᠤᠢ᠃

9 ᠰᠠᠷ᠎ᠠ᠎ᠶ᠋ᠢᠨ 13᠎ᠤ ᠡᠳᠦᠷ᠎ᠦᠨ 24 ᠴᠠᠭ ᠪᠣᠯᠲᠠᠯ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠣᠲᠣ ᠪᠠᠢᠭ᠎ᠠ ᠲᠤᠬᠠᠶ ᠎ᠶ᠋ᠢᠨ ᠭᠠᠵᠠᠷ᠎ᠤᠨ ᠳᠣᠲᠣᠯᠠᠭ᠍ᠰᠠᠨ ᠡᠪᠡᠳᠴᠢᠨ᠎ᠦ ᠵᠢᠱ᠌ᠢᠶ᠎ᠡ 312 ᠪᠤᠢ᠂ ᠡᠬᠦᠨ ᠳ᠋ᠤ ᠬᠦᠬᠡᠬᠤᠳᠠ ᠳ᠋ᠤ 3 (ᠴᠦᠮ ᠪᠠᠭᠠᠤᠬ᠍ᠰᠠᠨ ᠭᠠᠵᠠᠷ ᠲᠡᠬᠢ ᠪᠦᠭᠡᠮ ᠬᠦᠴᠢᠯ᠎ᠦᠨ ᠪᠠᠢᠴᠠᠭᠠᠯᠳᠠ ᠎ᠪᠠᠷ ᠢᠯᠡᠷᠡᠬᠦᠯᠦᠭ᠌ᠰᠡᠨ ᠡᠪᠡᠳᠴᠢᠨ᠎ᠦ ᠵᠢᠱ᠌ᠢᠶ᠎ᠡ ᠵᠢᠴᠢ ᠨᠢᠭ᠍ᠲᠠ ᠣᠢ᠌ᠷᠠᠳᠤᠬ᠍ᠴᠢ)᠂ ᠬᠦᠯᠦᠨ ᠪᠤᠢᠷ ᠬᠤᠳᠠ ᠳ᠋ᠤ 2 (ᠴᠦᠮ ᠮᠠᠨᠵᠤᠤᠷ ᠬᠤᠳᠡ ᠳ᠋ᠤ ᠪᠤᠢ)᠂ ᠤᠯᠠᠭᠠᠨᠬᠠᠳᠠ ᠬᠤᠲᠠ ᠳ᠋ᠤ 275 ( ᠬᠤᠩᠱᠠᠨ ᠲᠤᠭᠤᠷᠢᠭ ᠲᠤ᠌ 6᠂ ᠰᠦᠩᠱᠠᠨ ᠲᠤᠭᠤᠷᠢᠭ ᠲᠤ᠌ 110᠂ ᠤᠩᠨᠢᠭᠤᠳ ᠬᠤᠰᠢᠭᠤᠨ ᠳ᠋ᠤ 158᠂ ᠠᠷᠤ ᠬᠤᠷᠴᠢᠨ ᠬᠤᠱᠢᠭᠤᠨ ᠎ᠳᠤ 1)᠂ ᠰᠢᠯᠢ ᠵᠢᠨ ᠭᠤᠤᠯ ᠠᠢᠮᠠᠭ ᠲᠸ᠋ 32(ᠰᠢᠯᠢᠩᠬᠤᠲᠠ ᠳ᠋ᠤ 25᠂ ᠡᠷᠢᠶᠡᠨ ᠬᠤᠳᠠ ᠳ᠋ᠦ 7)ᠪᠤᠢ᠃ ᠲᠤᠬᠠᠶ᠎ᠶ᠋ᠢᠨ ᠭᠠᠵᠠᠷ᠎ᠤᠨ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭᠳᠠᠬᠴᠢ 389 ᠪᠠᠢᠵᠦ᠂ ᠡᠬᠦᠨ ᠳ᠋ᠤ ᠬᠦᠬᠡᠬᠤᠳᠠ ᠳ᠋ᠤ 1(ᠪᠠᠭᠠᠤᠬ᠍ᠰᠠᠨ ᠭᠠᠵᠠᠷ ᠲᠡᠬᠢ ᠪᠦᠭᠡᠮ ᠬᠦᠴᠢᠯ᠎ᠦᠨ ᠪᠠᠢᠴᠠᠭᠠᠯᠳᠠ ᠎ᠪᠠᠷ ᠢᠯᠡᠷᠡᠬᠦᠯᠦᠭ᠌ᠰᠡᠨ ᠡᠪᠡᠳᠴᠢᠨ᠎ᠦ ᠵᠢᠱ᠌ᠢᠶ᠎ᠡ᠎ᠶ᠋ᠢᠨ ᠨᠢᠭ᠍ᠲᠠ ᠣᠢ᠌ᠷᠠᠳᠤᠬ᠍ᠴᠢ)᠂ ᠤᠯᠠᠭᠠᠨᠬᠠᠳᠠ ᠳ᠋ᠤ 308(ᠬᠤᠩᠱᠠᠨ ᠲᠤᠭᠤᠷᠢᠭ ᠲᠤ᠌ 9᠂ ᠰᠦᠩᠱᠠᠨ ᠲᠤᠭᠤᠷᠢᠭ ᠲᠤ᠌ 96᠂ ᠤᠩᠨᠢᠭᠤᠳ ᠬᠤᠰᠢᠭᠤᠨ ᠳ᠋ᠤ 203) ᠂ ᠰᠢᠯᠢ ᠵᠢᠨ ᠭᠤᠤᠯ ᠠᠢᠮᠠᠭ ᠲᠸ᠋ 47(ᠰᠢᠯᠢᠩᠬᠤᠲᠠ ᠳ᠋ᠤ 33᠂ ᠡᠷᠢᠶᠡᠨ ᠬᠤᠳᠠ ᠳ᠋ᠦ 14 ᠪᠤᠢ)᠂ ᠪᠠᠶᠠᠨᠨᠠᠭᠤᠷ ᠬᠤᠲᠠ ᠳ᠋ᠤ 5( ᠴᠦᠮ ᠯᠢᠨ ᠾᠧ ᠲᠤᠭᠤᠷᠢᠭ ᠲᠤ᠌ ᠪᠤᠢ)᠂ ᠠᠯᠠᠱᠠ ᠠᠢᠮᠠᠭ ᠲᠸ᠋ 28(ᠴᠦᠮ ᠴᠡᠭᠡ ᠪᠤᠭᠤᠮᠳᠠ ᠳ᠋ᠤ ᠪᠤᠢ)᠃ ᠬᠢᠯᠢ ᠵᠢᠨ ᠭᠠᠳᠠᠨ᠎ᠠ ᠡᠴᠡ ᠤᠷᠤᠵᠤ ᠢᠷᠡᠭᠰᠡᠨ ᠳᠤᠳᠤᠯᠠᠭᠰᠠᠨ ᠡᠪᠡᠳᠴᠢᠨ᠎ᠦ ᠵᠢᠱ᠌ᠢᠶ᠎ᠡ 4᠂ ᠡᠪᠡᠳᠴᠢᠨ᠎ᠤ ᠢᠯᠡᠷᠡᠯ ᠥᠬᠡᠶ ᠬᠠᠯᠳᠠᠪᠤᠷᠢᠯᠠᠭᠳᠠᠬᠴᠢ 4 ᠪᠠᠢᠵᠦ᠂ ᠴᠦᠮ ᠬᠦᠬᠡᠬᠤᠳᠠ᠎ᠳᠤ ᠪᠤᠢ᠃ ᠪᠦᠬᠦᠨ᠎ᠢ ᠲᠣᠭ᠍ᠲᠠᠭ᠍ᠰᠠᠨ ᠡᠮᠨᠡᠯᠭᠡ᠎ᠶ᠋ᠢᠨ ᠬᠣᠷᠢᠶ᠎ᠠ᠎ᠳᠤ ᠲᠤᠰᠠᠭᠠᠷᠯᠠᠨ ᠡᠮᠴᠢᠯᠡᠵᠦ᠍᠂ ᠨᠢᠭ᠍ᠲᠠ ᠣᠢᠷᠠᠲᠤᠭ᠍ᠰᠠᠳ᠎ᠢ ᠎ᠨᠢ ᠴᠥᠮ ᠲᠣᠭ᠍ᠲᠠᠭ᠍ᠰᠠᠨ ᠭᠠᠵᠠᠷ ᠲᠥᠪᠯᠡᠷᠡᠭᠦᠯᠦᠨ ᠠᠨᠠᠭᠠᠬᠤ ᠤᠬᠠᠭᠠᠨ᠎ᠤ ᠠᠵᠢᠭ᠍ᠯᠠᠯᠲᠠ ᠬᠢᠵᠦ᠍᠂ ᠬᠢᠵᠢᠭ ᠲᠠᠷᠬᠠᠬᠤ ᠎ᠶ᠋ᠢ ᠴᠢᠩᠭ᠎ᠠ ᠰᠡᠷᠭᠡᠢᠯᠡᠵᠦ᠍ ᠪᠣᠶ᠃

ᠢᠷᠡᠯᠳᠡ᠄ ᠦᠪᠦᠷ ᠮᠤᠡᠭᠭᠤᠯ᠎ᠤᠨ ᠡᠷᠡᠬᠦᠯ ᠬᠠᠮᠠᠭᠠᠯᠠᠯ ᠡᠷᠡᠬᠦᠯ ᠮᠡᠨᠳᠦ ᠵᠢᠨ ᠵᠦᠪᠯᠡᠯ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面