2022-10-03 23:12:43
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠳᠤᠬᠠᠢ ᠵᠢᠨ ᠭᠠᠵᠠᠷ᠎ᠤᠨ ᠳᠣᠲᠣᠯᠠᠭ᠍ᠰᠠᠨ ᠡᠪᠡᠳᠴᠢᠨ᠎ᠦ ᠵᠢᠱ᠌ᠢᠶ᠎ᠡ 80 ᠨᠡᠮᠡᠭᠳᠡᠵᠦ᠂ ᠡᠬᠦᠨ ᠳ᠋ᠦ ᠬᠦᠬᠡᠬᠤᠳᠠ ᠳ᠋ᠦ 77 ︵ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠳᠠᠭᠴᠢ ᠡᠴᠡ ᠲᠤᠳᠤᠯᠠᠭᠰᠠᠨ ᠡᠪᠡᠳᠴᠢᠨ᠎ᠤ ᠵᠢᠱ᠌ᠢᠶ᠎ᠡ ᠪᠤᠯᠤᠭᠰᠠᠨ 3 ᠬᠦᠮᠦᠨ᠎ᠢ ᠪᠠᠭᠲᠠᠭᠠᠨ᠎ᠠ︶᠂ ᠪᠤᠭᠤᠳᠦ ᠬᠤᠳᠠ ᠳ᠋ᠦ 1(ᠳ᠋ᠦᠡᠭ ᠡᠾᠧ ᠲᠤᠭᠤᠷᠢᠭ ᠲᠤ᠌)᠂ ᠤᠷᠳᠤᠰ ᠲᠤ᠌ 2 ( ᠴᠦᠮ ᠳᠠᠯᠠᠳ ᠬᠤᠰᠢᠭᠤᠨ ᠳ᠋ᠤ ) ᠪᠤᠢ; ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠳᠠᠭᠴᠢ 23 ᠨᠡᠮᠡᠭᠳᠡᠵᠦ᠂ ᠡᠬᠦᠨ ᠳ᠋ᠦ ᠬᠦᠬᠡᠬᠤᠳᠠ ᠳ᠋ᠦ 21᠂ ᠬᠦᠯᠦᠨ ᠪᠤᠢᠷ ᠬᠤᠲᠠ ᠳ᠋ᠤ 1(ᠮᠠᠨᠵᠤᠤᠷ ᠬᠤᠳᠠ ᠳ᠋ᠦ)᠂ ᠤᠯᠠᠭᠠᠨᠬᠠᠳᠠ ᠳ᠋ᠤ 1 ( ᠯᠢᠨᠰᠢ ᠰᠢᠶᠠᠨ ᠳ᠋ᠤ ) ᠪᠤᠢ᠃ ᠬᠢᠯᠢ᠎ᠵᠢᠨ ᠭᠠᠳᠠᠨ᠎ᠠ ᠡᠴᠡ ᠤᠷᠤᠵᠤ ᠢᠷᠡᠭᠰᠡᠨ ᠳᠣᠲᠣᠯᠠᠭ᠍ᠰᠠᠨ ᠡᠪᠡᠳᠴᠢᠨ᠎ᠦ ᠵᠢᠱ᠌ᠢᠶ᠎ᠡ 7᠂ ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠳᠠᠭᠴᠢ 7 ᠨᠡᠮᠡᠭᠳᠡᠵᠦ᠂ ᠴᠦᠮ ᠨᠡᠢᠰᠯᠡᠯ᠎ᠤᠨ ᠨᠢᠰᠬᠡᠯ᠎ᠤᠨ ᠪᠠᠭᠤᠳᠠᠯ᠎ᠤᠨ ᠤᠯᠠᠨ ᠤᠯᠤᠰ᠎ᠤᠨ ᠡᠭᠡᠯᠵᠢ ᠵᠢᠨ ᠨᠢᠰᠬᠡᠯ᠎ᠤᠨ ᠬᠤᠪᠢᠶᠠᠷᠢᠯᠠᠯᠳᠠ ᠪᠡᠷ ᠬᠦᠬᠡᠬᠤᠳᠠ ᠵᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠳ᠋ᠤ ᠪᠠᠭᠤᠯᠭᠠᠵᠠᠢ᠃ ᠢᠯᠡᠷᠢᠰᠢᠵᠤ ᠡᠮᠨᠡᠯᠭᠡ ᠡᠴᠡ ᠭᠠᠷᠤᠬᠰᠠᠨ ᠳᠤᠬᠠᠢ ᠵᠢᠨ ᠭᠠᠵᠠᠷ᠎ᠤᠨ ᠳᠣᠲᠣᠯᠠᠭ᠍ᠰᠠᠨ ᠡᠪᠡᠳᠴᠢᠨ᠎ᠦ ᠵᠢᠱ᠌ᠢᠶ᠎ᠡ 24 ᠪᠠᠢᠵᠦ᠂ ᠴᠦᠮ ᠤᠯᠠᠭᠠᠨᠬᠠᠳᠠ ᠬᠤᠲᠠ ᠳ᠋ᠤ (ᠰᠦᠩᠱᠠᠨ ᠲᠤᠭᠤᠷᠢᠭ ᠲᠤ᠌ 15᠂ ᠤᠩᠨᠢᠭᠤᠳ ᠬᠤᠰᠢᠭᠤᠨ ᠳ᠋ᠤ 7᠂ ᠠᠷᠤ ᠬᠤᠷᠴᠢᠨ ᠬᠤᠰᠢᠭᠤᠨ ᠳ᠋ᠦ 2) ᠪᠠᠢᠨ᠎ᠠ᠃ ᠠᠨᠠᠭᠠᠬᠤ ᠤᠬᠠᠭᠠᠨ ᠪ ᠠᠵᠢᠬᠯᠠᠯᠳᠠ ᠡᠴᠡ ᠭᠠᠷᠭᠠᠭᠰᠠᠨ ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠳᠠᠭᠴᠢ 28 ᠪᠠᠢᠵᠦ᠂ ᠴᠦᠮ ᠤᠯᠠᠭᠠᠨᠬᠠᠳᠠ ᠬᠤᠲᠠ ᠳ᠋ᠤ(ᠰᠦᠩᠱᠠᠨ ᠲᠤᠭᠤᠷᠢᠭ ᠲᠤ᠌ 15᠂ ᠤᠩᠨᠢᠭᠤᠳ ᠬᠤᠰᠢᠭᠤᠨ ᠳ᠋ᠤ 13)ᠪᠠᠢᠨ᠎ᠠ᠃ ᠢᠯᠡᠷᠢᠰᠢᠵᠤ ᠡᠮᠨᠡᠯᠭᠡ ᠡᠴᠡ ᠭᠠᠷᠤᠬᠰᠠᠨ ᠬᠢᠯᠢ᠎ᠵᠢᠨ ᠭᠠᠳᠠᠨ᠎ᠠ ᠡᠴᠡ ᠤᠷᠤᠵᠤ ᠢᠷᠡᠭᠰᠡᠨ ᠳᠣᠲᠣᠯᠠᠭ᠍ᠰᠠᠨ ᠡᠪᠡᠳᠴᠢᠨ᠎ᠦ ᠵᠢᠱ᠌ᠢᠶ᠎ᠡ 3 ᠪᠠᠢᠵᠦ᠂ ᠴᠦᠮ ᠨᠡᠢᠰᠯᠡᠯ᠎ᠤᠨ ᠨᠢᠰᠬᠡᠯ ᠤᠨ ᠪᠠᠭᠤᠳᠠᠯ᠎ᠤᠨ ᠤᠯᠠᠨ ᠤᠯᠤᠰ᠎ᠤᠨ ᠡᠭᠡᠯᠵᠢ ᠵᠢᠨ ᠨᠢᠰᠬᠡᠯ᠎ᠤᠨ ᠬᠤᠪᠢᠶᠠᠷᠢᠯᠠᠯᠳᠠ ᠪᠡᠷ ᠬᠦᠬᠡᠬᠤᠳᠠ ᠵᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠳ᠋ᠤ ᠪᠠᠭᠤᠯᠭᠠᠬᠰᠠᠨ ᠳ᠋ᠦ ᠪᠤᠢ᠃
10 ᠰᠠᠷ᠎ᠠ᠎ᠶ᠋ᠢᠨ 2᠎ᠤᠨ ᠡᠳᠦᠷ᠎ᠦᠨ 24 ᠴᠠᠭ ᠪᠣᠯᠲᠠᠯ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠳᠤ ᠣᠲᠣ ᠪᠠᠢᠭ᠎ᠠ ᠲᠤᠬᠠᠶ ᠶ᠋ᠢᠨ ᠭᠠᠵᠠᠷ ᠤᠨ ᠳᠣᠲᠣᠯᠠᠭ᠍ᠰᠠᠨ ᠡᠪᠡᠳᠴᠢᠨ᠎ᠦ ᠵᠢᠱ᠌ᠢᠶ᠎ᠡ 138 ᠪᠠᠢᠵᠦ᠂ ᠡᠭᠦᠨ ᠳ᠋ᠦ ᠬᠦᠬᠡᠬᠤᠳᠠ ᠳ᠋ᠦ 121᠂ ᠪᠤᠭᠤᠳᠦ ᠬᠤᠳᠠ ᠳ᠋ᠦ 3(ᠳ᠋ᠦᠡᠭ ᠾᠧ ᠲᠤᠭᠤᠷᠢᠭ ᠲᠤ᠌)᠂ ᠤᠯᠠᠭᠠᠨᠬᠠᠳᠠ ᠬᠤᠲᠠ ᠳ᠋ᠤ 12(ᠰᠦᠩᠱᠠᠨ ᠲᠤᠭᠤᠷᠢᠭ ᠲᠤ᠌ 8᠂ ᠤᠩᠨᠢᠭᠤᠳ ᠬᠤᠰᠢᠭᠤᠨ ᠳ᠋ᠤ 4)᠂ ᠤᠷᠳᠤᠰ ᠬᠤᠲᠠ ᠳ᠋ᠤ 2 ( ᠴᠦᠮ ᠳᠠᠯᠠᠳ ᠬᠤᠰᠢᠭᠤᠨ ᠳ᠋ᠤ ) ᠪᠤᠢ᠃ ᠲᠤᠬᠠᠶ᠎ᠶ᠋ᠢᠨ ᠭᠠᠵᠠᠷ᠎ᠤᠨ ᠡᠪᠡᠳᠴᠢᠨ ᠪ ᠢᠯᠡᠷᠡᠯ ᠥᠬᠡᠶ ᠬᠠᠯᠳᠠᠪᠤᠷᠢᠯᠠᠭᠳᠠᠬᠴᠢ 50 ᠪᠠᠢᠵᠦ᠂ ᠡᠭᠦᠨ ᠳ᠋ᠦ ᠬᠦᠬᠡᠬᠤᠳᠠ ᠳ᠋ᠤ 29᠂ ᠬᠦᠯᠦᠨ ᠪᠤᠢᠷ ᠬᠤᠲᠠ ᠳ᠋ᠤ 1︵ᠮᠠᠨᠵᠤᠤᠷ ᠬᠤᠲᠠ ᠳ᠋ᠤ︶᠂ ᠤᠯᠠᠭᠠᠨᠬᠠᠳᠠ ᠳ᠋ᠦ 16(ᠰᠦᠩᠱᠠᠨ ᠲᠤᠭᠤᠷᠢᠭ ᠲᠤ᠌ 10᠂ ᠯᠢᠨᠰᠢ ᠰᠢᠶᠠᠨ ᠳ᠋ᠤ 1᠂ ᠤᠩᠨᠢᠭᠤᠳ ᠬᠤᠰᠢᠭᠤᠨ ᠳ᠋ᠤ 5)᠂ ᠰᠢᠯᠢ ᠵᠢᠨ ᠭᠤᠤᠯ ᠠᠢᠮᠠᠭ ᠲᠤ᠌ 1 (ᠡᠷᠢᠶᠡᠨ ᠬᠤᠳᠠ ᠳ᠋ᠦ)᠂ ᠪᠠᠶᠠᠨᠨᠠᠭᠤᠷ ᠬᠤᠲᠠ ᠳ᠋ᠤ 3(ᠯᠢᠨᠾᠧ ᠲᠤᠭᠤᠷᠢᠭ ᠲᠤ᠌ 2᠂ ᠦᠶᠤᠸᠠᠨ ᠰᠢᠶᠠᠨ ᠳ᠋ᠦ 1)ᠪᠠᠢᠨ᠎ᠠ᠃ ᠬᠢᠯᠢ ᠵᠢᠨ ᠭᠠᠳᠠᠨ᠎ᠠ ᠡᠴᠡ ᠤᠷᠤᠵᠤ ᠢᠷᠡᠭᠰᠡᠨ ᠳᠤᠳᠤᠯᠠᠭᠰᠠᠨ ᠡᠪᠡᠳᠴᠢᠨ᠎ᠦ ᠵᠢᠱ᠌ᠢᠶ᠎ᠡ 11᠂ ᠡᠪᠡᠳᠴᠢᠨ᠎ᠤ ᠢᠯᠡᠷᠡᠯ ᠥᠬᠡᠶ ᠬᠠᠯᠳᠠᠪᠤᠷᠢᠯᠠᠭᠳᠠᠬᠴᠢ 11 ᠪᠠᠢᠵᠦ᠂ ᠴᠦᠮ ᠬᠦᠬᠡᠬᠤᠳᠠ᠎ᠳᠤ ᠪᠤᠢ᠃ ᠲᠡᠬᠡᠷ᠎ᠡ ᠲᠤᠷᠠᠳᠤᠬᠰᠠᠨ ᠬᠦᠮᠦᠰ᠎ᠢ ᠪᠦᠬᠦᠨ᠎ᠢ ᠲᠣᠭ᠍ᠲᠠᠭ᠍ᠰᠠᠨ ᠡᠮᠨᠡᠯᠭᠡ᠎ᠶ᠋ᠢᠨ ᠬᠣᠷᠢᠶ᠎ᠠ᠎ᠳᠤ ᠲᠤᠰᠠᠭᠠᠷᠯᠠᠨ ᠡᠮᠴᠢᠯᠡᠵᠦ᠍᠂ ᠨᠢᠭ᠍ᠲᠠ ᠣᠢᠷᠠᠲᠤᠭ᠍ᠰᠠᠳᠢᠨᠢ ᠴᠥᠮ ᠲᠣᠭ᠍ᠲᠠᠭ᠍ᠰᠠᠨ ᠭᠠᠵᠠᠷ ᠲᠥᠪᠯᠡᠷᠡᠭᠦᠯᠦᠨ ᠠᠨᠠᠭᠠᠬᠤ ᠤᠬᠠᠭᠠᠨ᠎ᠤ ᠠᠵᠢᠭ᠍ᠯᠠᠯᠲᠠ ᠬᠢᠵᠦ᠍᠂ ᠬᠢᠵᠢᠭ ᠲᠠᠷᠬᠠᠬᠤ᠎ᠶ᠋ᠢ ᠴᠢᠩᠭ᠎ᠠ ᠰᠡᠷᠭᠡᠢᠯᠡᠵᠦ᠍ ᠪᠣᠶ᠃
ᠢᠷᠡᠯᠳᠡ᠄ ᠦᠪᠦᠷ ᠮᠤᠡᠭᠭᠤᠯ ᠤᠨ ᠡᠷᠡᠬᠦᠯ ᠬᠠᠮᠠᠭᠠᠯᠠᠯ ᠡᠷᠡᠬᠦᠯ ᠮᠡᠨᠳᠦ ᠵᠢᠨ ᠵᠦᠪᠯᠡᠯ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃