ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2021-12-10 11:00:43

ᠵᠣᠬᠢᠶᠠᠭ᠍ᠴᠢ᠄ ᠤᠷᠭᠤᠮᠠᠯ ᠣᠩᠱᠢᠭ᠍ᠰᠠᠨ ᠣᠳᠠᠭ᠎ᠠ᠄ 3

12 ᠰᠠᠷ᠎ᠠ᠎ᠶ᠋ᠢᠨ 9᠎ᠤ᠋ ᠡᠳᠦᠷ᠂ ᠮᠠᠨᠵᠤᠤᠷ ᠬᠤᠳᠠ᠎ᠵᠢ ᠲᠤᠰᠠᠯᠠᠬᠤ ᠳᠤᠮᠳᠠᠳᠤ ᠤᠯᠤᠰ ᠎ᠤᠨ ᠤᠯᠠᠭᠠᠨ ᠵᠠᠭᠠᠯᠮᠠᠢᠲᠠᠨ᠎ᠤ ᠨᠡᠢᠭᠡᠮᠯᠢᠭ᠎ᠤᠨ(ᠥᠪᠥᠷ ᠮᠣᠩᠭᠣᠯ)ᠲᠦᠷᠭᠡᠨ ᠠᠪᠤᠷᠠᠯᠳᠠ ᠶ᠋ᠢᠨ ᠱᠢᠯᠵᠢᠭᠦᠯᠦᠨ ᠵᠥᠭᠡᠭᠡᠪᠦᠷᠢᠯᠡᠬᠦ᠌ ᠠᠩᠭᠢ᠎ᠵᠢ ᠮᠤᠷᠳᠠᠭᠤᠯᠬᠤ ᠶᠤᠰᠤᠯᠠᠯ ᠥᠪᠥᠷ ᠮᠣᠩᠭᠣᠯ᠎ᠤᠨ ᠣᠯᠠᠨ ᠤᠯᠤᠰ᠎ᠤᠨ ᠮᠣᠩᠭᠣᠯ ᠡᠮᠨᠡᠯᠭᠡ᠎ᠶ᠋ᠢᠨ ᠬᠣᠷᠢᠶ᠎ᠠ᠎ᠳᠦ ᠶᠠᠪᠤᠭᠳᠠᠪᠠ᠃

ᠤᠢᠯᠠᠭᠠᠭᠰᠠᠨ᠎ᠵᠢᠡᠷ᠂ ᠲᠣᠰ ᠤᠳᠠᠭᠠᠨ᠎ᠤ ᠲᠦᠷᠭᠡᠨ ᠠᠪᠤᠷᠠᠯᠳᠠ᠎ᠶ᠋ᠢᠨ ᠱᠢᠯᠵᠢᠭᠦᠯᠦᠨ ᠵᠦᠭᠡᠭᠡᠪᠦᠷᠢᠯᠡᠬᠦ᠌ ᠠᠩᠭᠢ᠎ᠳᠤ ᠥᠪᠥᠷ ᠮᠣᠩᠭᠣᠯ᠎ᠤᠨ ᠣᠯᠠᠨ ᠤᠯᠤᠰ᠎ᠤᠨ ᠮᠣᠩᠭᠣᠯ ᠡᠮᠨᠡᠯᠭᠡ᠎ᠶ᠋ᠢᠨ ᠬᠣᠷᠢᠶ᠎ᠠ᠎ᠪᠠ ᠥᠪᠡᠷᠲᠡᠭᠡᠨ ᠵᠠᠰᠠᠬᠤ ᠣᠷᠣᠨ᠎ᠤ ᠡᠬᠡ ᠨᠢᠯᠬᠠᠰ᠎ᠤᠨ ᠡᠷᠡᠬᠦᠯᠵᠢᠯ᠎ᠤᠨ ᠡᠮᠨᠡᠯᠭᠡ ᠵᠢᠨ ᠬᠣᠷᠢᠶ᠎ᠠ᠎ᠶᠢᠨ ᠳᠥᠷᠪᠡᠨ ᠵᠢᠯᠣᠭᠣᠴᠢ᠂ ᠬᠣᠶᠠᠷ ᠰᠥᠭᠡᠷᠭᠦ᠌ ᠳᠠᠷᠤᠯᠲᠠᠲᠤ ᠲᠦᠷᠭᠡᠨ ᠠᠪᠤᠷᠠᠯᠳᠠ᠎ᠶ᠋ᠢᠨ ᠲᠡᠷᠭᠡ᠎ᠲᠤᠬᠢᠷᠠᠭᠤᠯᠵᠠᠢ᠃ ᠮᠠᠨᠵᠤᠤᠷ᠎ᠬᠤᠳᠠ᠎ᠵᠢᠨ ᠤᠳᠤᠬᠠᠨ᠎ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠤᠳᠠᠳᠠᠢ ᠪᠠᠢᠳᠠᠯ᠎ᠳᠤ ᠴᠢᠭ᠌ᠯᠡᠭᠦᠯᠦᠨ᠂ ᠥᠪᠡᠷᠲᠡᠭᠡᠨ ᠵᠠᠰᠠᠬᠤ ᠣᠷᠣᠨ᠎ᠤ ᠤᠯᠠᠭᠠᠨ ᠵᠠᠭᠠᠯᠮᠠᠢᠲᠠᠨ᠎ᠤ ᠨᠡᠢᠭᠡᠮᠯᠢᠭ ᠲᠣᠰ ᠤᠳᠠᠭᠠᠨ᠎ᠤ ᠮᠤᠷᠳᠠᠭᠤᠯᠬᠤ ᠶᠤᠰᠤᠯᠠᠯ ᠳᠡᠭᠡᠷ᠎ᠡ᠂ ᠮᠠᠨᠵᠤᠤᠷ᠎ᠬᠤᠳᠠ᠎ᠵᠢᠨ ᠬᠢᠵᠢᠭ᠎ᠲᠡᠶ ᠲᠡᠮᠡᠴᠡᠬᠦ᠌ ᠨᠢᠭᠡᠳᠦᠭᠡᠷ ᠹᠷᠣᠨᠲ᠎ᠤᠨ ᠠᠵᠢᠯᠳᠠᠳ ᠲᠸ᠋ 10000 ᠳᠤᠯᠠᠭᠠᠯᠠᠭ᠎ᠠ᠎ᠶ᠋ᠢᠨ ᠨᠠᠭᠠᠯᠲᠠ ᠬᠠᠨᠳᠢᠪᠯᠠᠵᠤ᠂ ᠬᠥᠯᠥᠨ ᠪᠣᠢᠷ ᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠎ᠳᠦ 76000 ᠲᠥᠭᠥᠷᠢᠭ᠎ᠦᠨ ᠥᠷᠲᠡᠭ ᠪᠥᠬᠥᠶ ᠴᠠᠬᠢᠯᠭᠠᠨ ᠳᠤᠯᠠᠭᠠᠯᠠᠭ᠎ᠠ᠎ᠶ᠋ᠢᠨ ᠤᠭᠤᠲᠠ ᠬᠠᠨᠳᠢᠪᠯᠠᠪᠠ; ᠬᠥᠯᠥᠨ ᠪᠣᠢᠷ ᠬᠣᠲᠠ᠂ ᠮᠠᠨᠵᠤᠤᠷ ᠬᠣᠲᠠ᠎ᠳᠤ ᠳᠤᠮᠳᠠᠳᠤ ᠤᠯᠤᠰ᠎ᠤᠨ ᠤᠯᠠᠭᠠᠨ ᠵᠠᠭᠠᠯᠮᠠᠢᠲᠠᠨ᠎ᠤ ᠰᠠᠭᠤᠷᠢ ᠮᠥᠩᠭᠥᠨ᠎ᠦ ᠨᠡᠢᠭᠡᠮᠯᠢᠭ᠎ᠦᠨ ᠬᠠᠨᠳᠢᠪᠯᠠᠭ᠍ᠰᠠᠨ 55.5ᠲᠦᠮᠡᠨ ᠲᠥᠭᠥᠷᠢᠭ᠎ᠦᠨ ᠥᠷᠲᠡᠭ ᠪᠥᠬᠥᠶ 30 ᠲᠦᠮᠡᠨ ᠡᠮᠴᠢᠯᠡᠭᠡᠨ᠎ᠤ ᠠᠮᠠᠪᠴᠢ᠎ᠶ᠋ᠢ ᠳᠠᠮᠵᠢᠭᠤᠯᠤᠨ ᠬᠦᠷᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面