ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2021-12-10 11:03:34

ᠵᠣᠬᠢᠶᠠᠭ᠍ᠴᠢ᠄ ​ᠳᠠᠳᠤᠯᠭ᠎ᠠ᠎ᠶ᠋ᠢᠨ ᠰᠤᠷᠪᠤᠯᠵᠢᠯᠠᠭ᠍ᠴᠢ ᠮᠧᠶ ᠭᠠᠩ ᠰᠤᠷᠪᠤᠯᠵᠢᠯᠠᠭ᠍ᠴᠢ ᠢᠳᠡᠷᠡᠭᠦᠨ ᠣᠩᠱᠢᠭ᠍ᠰᠠᠨ ᠣᠳᠠᠭ᠎ᠠ᠄ 3

12 ᠰᠠᠷ᠎ᠠ᠎ᠶ᠋ᠢᠨ 9᠎ᠤ᠋ ᠡᠳᠦᠷ᠂ ᠰᠤᠷᠪᠤᠯᠵᠢᠯᠠᠭ᠍ᠴᠢ ᠮᠠᠨᠵᠤᠤᠷ ᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠵᠢᠯᠣᠭᠣᠳᠭᠤ ᠭᠠᠵᠠᠷ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠠᠴᠠ ᠣᠢᠯᠠᠭᠠᠭ᠍ᠰᠠᠨ᠎ᠢᠶᠠᠷ᠂ ᠲᠤᠬᠠᠢ ᠵᠢᠨ ᠭᠠᠵᠠᠷ᠎ᠤᠨ ᠱᠢᠯᠭᠠᠭᠤᠯᠤᠭ᠍ᠴᠢ ᠪᠠ ᠭᠠᠳᠠᠷ ᠣᠷᠣᠨ᠎ᠤ ᠮᠠᠨᠵᠤᠤᠷ ᠲᠤ᠌ ᠪᠠᠢᠭ᠎ᠠ ᠱᠢᠯᠭᠠᠭᠤᠯᠤᠭ᠍ᠴᠢ ᠵᠢᠨ 2022 ᠣᠨ᠎ᠤ ᠪᠥᠬᠥ᠌ ᠤᠯᠤᠰ᠎ᠤᠨ ᠠᠰᠫᠢᠷᠠᠨᠲ ᠡᠯᠰᠡᠬᠦ᠌ ᠱᠢᠯᠭᠠᠯᠲᠠ(ᠠᠩᠬᠠᠨ᠎ᠤ ᠱᠢᠯᠭᠠᠯᠲᠠ)᠎ᠳ᠋ᠤ ᠴᠠᠭ ᠲᠤᠬᠠᠶ᠎ᠳᠤᠨᠢ ᠣᠷᠣᠯᠴᠠᠬᠤ᠎ᠶ᠋ᠢ ᠦᠨᠡᠨ ᠬᠦ᠌ ᠪᠠᠲᠤᠯᠠᠬᠤ᠎ᠶ᠋ᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠠᠴᠠ ᠮᠠᠨᠵᠤᠤᠷ ᠬᠣᠲᠠ᠎ᠳᠤ ᠱᠢᠯᠭᠠᠯᠲᠠ᠎ᠶ᠋ᠢᠨ ᠴᠡᠭ᠎ᠲᠣᠬᠢᠷᠠᠭᠤᠯᠬᠤ᠎ᠶ᠋ᠢ ᠵᠥᠪᠱᠢᠶᠡᠷᠡᠪᠡ᠃

ᠱᠢᠯᠭᠠᠭᠤᠯᠤᠭ᠍ᠰᠡᠳ ᠲᠠᠷᠤᠢ ᠲᠦᠷᠭᠡᠨ《ᠮᠠᠨᠵᠤᠤᠷ ᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠢᠯᠣᠭᠣᠳᠭᠤ ᠭᠠᠵᠠᠷ᠎ᠤᠨ ᠠᠯᠪᠠᠨ ᠵᠠᠷᠯᠠᠯ (66 ᠳ᠋ᠤᠭᠠᠷ ᠲᠣᠭᠠᠲᠤ)》᠎ᠤ᠋ᠨ ᠬᠠᠮᠢᠶ᠎ᠠ ᠪᠥᠬᠥᠶ ᠱᠠᠭᠠᠷᠳᠠᠯᠭ᠎ᠠ ᠶᠣᠰᠣᠭᠠᠷ᠂ ᠠᠯᠪᠠᠨ ᠵᠠᠷᠯᠠᠯ᠎ᠳᠡᠬᠢ ᠬᠣᠶᠠᠷ ᠬᠡᠮᠵᠢᠯᠳᠦ ᠺᠣᠳ᠋᠎ᠢ ᠱᠢᠷᠪᠢᠵᠦ᠍᠂ 《2022 ᠣᠨ᠎ᠤ ᠠᠰᠫᠢᠷᠠᠨᠲ᠎ᠤᠨ ᠮᠡᠳᠡᠭᠡ ᠵᠠᠩᠭᠢ᠎ᠶ᠋ᠢ ᠪᠦᠷᠢᠳᠭᠡᠬᠦ᠌ ᠴᠤᠭᠯᠠᠷᠠᠯ》 ᠳ᠋ᠤ ᠤᠷᠤᠵᠤ᠂ ᠱᠢᠯᠭᠠᠭᠤᠯᠤᠭ᠍ᠴᠢ ᠶ᠋ᠢᠨ ᠮᠡᠳᠡᠭᠡ ᠵᠠᠩᠭᠢ᠎ᠪᠠᠨ ᠳᠡᠩᠰᠡᠯᠡᠭᠤᠯᠤᠭᠠᠷᠠᠢ᠃ ᠮᠠᠨᠵᠤᠤᠷ ᠬᠣᠲᠠ ᠳᠠᠩᠰᠠᠯᠠᠭᠤᠯᠤᠭ᠍ᠰᠠᠨ ᠮᠡᠳᠡᠭᠡ ᠵᠠᠩᠭᠢ᠎ᠶ᠋ᠢ ᠦᠨᠳᠦᠰᠦᠯᠡᠨ᠂ ᠱᠢᠯᠭᠠᠯᠲᠠ᠎ᠶ᠋ᠢᠨ ᠠᠵᠢᠯ᠎ᠢ ᠨᠢᠭᠡᠳᠦᠯᠲᠡᠶ ᠵᠣᠬᠢᠴᠠᠭᠤᠯᠵᠤ᠂ ᠪᠣᠶ ᠪᠥᠬᠥᠶ ᠱᠢᠯᠭᠠᠭᠤᠯᠤᠭ᠍ᠴᠢ᠎ᠶ᠋ᠢᠨ ᠴᠠᠭ ᠲᠤᠬᠠᠶ᠎ᠳᠤᠨᠢ ᠱᠢᠯᠭᠠᠯᠲᠠ᠎ᠳᠤ ᠣᠷᠣᠯᠴᠠᠬᠤ᠎ᠶ᠋ᠢ ᠦᠨᠡᠨ ᠬᠦ᠌ ᠪᠠᠲᠤᠯᠠᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面