ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2021-12-12 10:02:40

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠬᠢᠵᠢᠭ᠎ᠦᠨ ᠪᠠᠢᠳᠠᠯ ᠭᠠᠷᠤᠭ᠍ᠰᠠᠨ᠎ᠤ ᠳᠠᠷᠠᠭ᠎ᠠ ᠮᠠᠨᠵᠤᠤᠷ ᠬᠣᠲᠠ᠎ᠶ᠋ᠢᠨ ᠡᠷᠬᠢᠨ ᠲᠣᠭᠣᠷᠢᠨ᠎ᠳ᠋ᠡᠬᠢ ᠪᠠᠢᠭᠤᠯᠭ᠎ᠠ ᠨᠢᠭᠡᠴᠢ᠂ ᠰᠠᠭᠤᠭᠠᠯᠢ ᠠᠷᠠᠳ ᠪᠣᠯᠤᠨ ᠪᠠᠷᠢᠯᠭ᠎ᠠ᠎ᠶ᠋ᠢᠨ ᠭᠠᠵᠠᠷ᠎ᠤᠨ ᠬᠥᠮᠦᠰ ᠎ᠣᠢᠷ᠎ᠠ ᠬᠠᠪᠢ᠎ᠳᠠᠭᠠᠨ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ ᠬᠢᠬᠦ᠌᠎ᠶ᠋ᠢ ᠪᠠᠲᠤᠯᠠᠬᠤ᠎ᠶ᠋ᠢᠨ ᠲᠥᠯᠥᠭᠡ᠂ ᠮᠠᠨᠵᠤᠤᠷ ᠬᠣᠲᠠ 10 ᠨᠡᠢᠲᠡ᠎ᠶ᠋ᠢᠨ ᠮᠠᠱᠢᠨ ᠲᠡᠷᠭᠡ᠎ᠶ᠋ᠢ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ᠎ᠶ᠋ᠢᠨ ᠮᠠᠱᠢᠨ ᠲᠡᠷᠭᠡ ᠪᠤᠯᠭᠠᠨ ᠦᠭᠡᠷᠡᠴᠢᠯᠡᠵᠤ᠂ ᠰᠠᠭᠤᠭᠠᠯᠢ ᠠᠷᠠᠳ᠎ᠤᠨ ᠬᠡᠷ᠎ᠦᠨ ᠵᠢᠡᠨ ᠡᠮᠦᠨ᠎ᠠ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ ᠬᠢᠬᠦ ᠵᠢ ᠪᠡᠶᠡᠯᠡᠭᠦᠯᠪᠡ᠃


微信图片_20211212100516.jpg


ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ᠎ᠶ᠋ᠢᠨ ᠮᠠᠱᠢᠨ ᠲᠡᠷᠭᠡ ᠲᠣᠭ᠍ᠲᠠᠭ᠍ᠰᠠᠨ ᠭᠠᠵᠠᠷ᠎ᠲᠤ ᠬᠦᠷᠦᠭ᠌ᠰᠡᠨ᠎ᠦ ᠳᠠᠷᠠᠭ᠎ᠠ᠂ ᠰᠠᠭᠤᠭᠠᠯᠢ ᠠᠷᠠᠳ 1 ᠮᠧᠲ᠋ᠷ ᠠᠯᠤᠰᠯᠠᠨ ᠮᠥᠷᠯᠡᠵᠦ᠍᠂ ᠮᠡᠷᠭᠡᠨ ᠴᠤᠬᠤᠷ᠎ᠢ ᠰᠢᠷᠪᠢᠭᠰᠡᠨ᠎ᠤ ᠳᠠᠷᠠᠭ᠎ᠠ᠂ ᠨᠣᠭᠣᠭᠠᠨ ᠺᠣᠳ᠋᠎ᠢᠶᠠᠨ ᠠᠪᠴᠤ᠌ ᠮᠠᠱᠢᠨ ᠲᠡᠷᠭᠡᠨ᠎ᠦ ᠡᠭᠦᠳᠡᠨ ᠡᠮᠦᠨ᠎ᠠ ᠬᠦᠷᠴᠦ᠍ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ ᠬᠢᠯᠭᠡᠨ᠎ᠠ᠂ 5 ᠰᠧᠺᠦ᠋ᠨ᠋ᠳ᠋᠎ᠲᠦ ᠱᠢᠯᠭᠠᠨ ᠪᠠᠢᠴᠠᠭᠠᠯᠲᠠ ᠬᠢᠵᠤ ᠳᠠᠭᠤᠰᠬᠠᠵᠤ ᠲᠡᠢᠯᠦᠨ᠎ᠠ᠃ ᠡᠢᠮᠦᠷᠬᠦ᠌ ᠬᠥᠮᠦᠨᠴᠢᠯᠡᠭ᠌ᠰᠡᠨ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ᠎ᠶ᠋ᠢᠨ ᠦᠶ᠋ᠯᠡᠴᠢᠯᠡᠭᠡ᠎ᠨᠢ ᠣᠯᠠᠨ᠎ᠦ ᠮᠠᠭ᠍ᠲᠠᠭᠠᠯ ᠎ᠢ ᠤᠯᠪᠠ᠃

ᠠᠷᠤᠬᠠᠰᠢᠶᠠᠳᠦ᠎ᠶᠢᠨ ᠬᠢᠯᠢ ᠎ᠪᠡᠷ ᠣᠷᠣᠵᠤ ᠭᠠᠷᠬᠤ ᠬᠢᠯᠢ ᠎ᠶᠢᠨ ᠬᠠᠮᠠᠭᠠᠯᠠᠯᠲᠠ᠎ᠶᠢᠨ ᠪᠠᠢᠴᠠᠭᠠᠬᠤ ᠥᠷᠲᠡᠭᠡ᠎ᠶᠢᠨ ᠠᠷᠠᠳ᠎ᠤᠨ ᠴᠠᠭᠳᠠᠭ᠎ᠠ ᠯᠢᠦ ᠶᠠᠩ᠄ ᠪᠥᠭᠡᠮ ᠬᠦᠴᠢᠯ᠎ᠤᠨ ᠱᠢᠯᠭᠠᠨ ᠪᠠᠢᠴᠠᠭᠠᠯᠲᠠ᠎ᠶ᠋ᠢᠨ ᠮᠠᠰᠢᠨ ᠲᠡᠷᠭᠡ ᠵᠢ ᠡᠬᠢᠯᠡᠵᠤ ᠬᠡᠷᠡᠭᠯᠡᠭᠰᠡᠨ᠎ᠦ ᠳᠠᠷᠠᠭ᠎ᠠ᠂ ᠪᠢᠳᠡᠨ ᠎ᠳᠦ ᠦᠭᠭᠦᠭᠰᠡᠨ ᠬᠠᠮᠤᠭ᠎ᠤᠨ ᠶᠡᠬᠡ ᠲᠦᠷᠦᠭᠳᠡᠯ ᠬᠡᠪᠡᠯ ᠳᠠᠷᠤᠶ ᠬᠦᠮᠦᠰ ᠢᠷᠡᠮᠡᠭᠴᠡ ᠪᠠᠢᠴᠠᠭᠠᠯᠳᠠ ᠬᠢᠵᠤ ᠲᠡᠢᠯᠬᠦ ᠶᠠᠪᠤᠳᠠᠯ ᠪᠣᠯᠤᠨ᠎ᠠ᠂ ᠡᠨᠡ᠎ᠨᠢ ᠪᠢᠳᠡᠨ᠎ᠦ ᠰᠢᠯᠭᠠᠨ ᠪᠠᠢᠴᠠᠭᠠᠯᠳᠠ ᠎ᠳᠤ ᠲᠤᠢᠯ᠎ᠤᠨ ᠶᠡᠬᠡ ᠲᠥᠬᠥᠮ ᠦᠵᠡᠭᠦᠯᠦᠭᠰᠡᠨ ᠪᠠᠢᠨ᠎ᠠ᠃


微信图片_20211212100521.jpg


ᠮᠠᠨᠵᠤᠤᠷ᠎ᠬᠣᠲᠠ᠎ᠶ᠋ᠢᠨ᠎ᠱᠢᠩ᠎ᠬᠤᠸᠠ᠎ᠵᠡᠭᠡᠯᠢ᠎ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠬ᠍ᠦ᠎ᠪᠸᠢ᠎ᠨᠡᠢᠭᠡᠮ᠎ᠲᠣᠭᠣᠷᠢᠭ᠎ᠤᠨ᠎ᠰᠠᠭᠤᠭᠠᠯᠢ᠎ᠠᠷᠠᠳ᠎ᠯᠢᠦ᠎ᠳ᠋ᠢ᠄ ᠲᠡᠳᠡ ᠰᠠᠨᠠᠭᠠᠴᠢᠯᠠᠭ᠎ᠠ᠎ᠠᠴᠠ᠎ᠪᠠᠨ ᠢᠷᠡᠵᠦ᠍ ᠪᠠᠢᠴᠠᠭᠠᠯᠳᠠ ᠬᠢᠵᠤ ᠦᠭᠬᠦ ᠨᠢ ᠲᠤᠢᠯ᠎ᠤᠨ ᠰᠠᠢᠨ᠂ ᠪᠢᠳᠡ ᠨᠠᠭᠠᠰᠢ ᠴᠠᠭᠠᠰᠢ ᠶᠠᠪᠤᠬᠤ ᠬᠡᠷᠡᠭ ᠦᠭᠡᠢ᠂ ᠡᠨᠡ ᠨᠢ ᠨᠠᠳᠠ ᠳ᠋ᠦ ᠲᠤᠩ ᠳᠥᠭᠥᠮ ᠰᠠᠨᠠᠭ᠍ᠳᠠᠭᠰᠠᠨ ᠡ᠂ ᠰᠡᠳᠬᠢᠯ ᠲᠤᠳᠤᠷ᠎ᠠ ᠶᠡᠬᠡ ᠬᠠᠯᠠᠭᠤᠬᠠᠨ ᠰᠠᠨᠠᠭᠳᠠᠵᠤ ᠪᠠᠢᠨ᠎ᠠ᠃

ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ᠎ᠶ᠋ᠢᠨ ᠮᠠᠱᠢᠨ ᠲᠡᠷᠭᠡ᠎ᠨᠢ ᠭᠠᠵᠠᠷ ᠤᠷᠤᠨ ᠎ᠤ ᠬᠢᠵᠠᠭᠠᠷᠯᠠᠯ᠎ᠢ ᠬᠦᠯᠢᠶᠡᠬᠦ᠌ ᠥᠬᠡᠶ᠂ ᠬᠠᠮᠤᠭ᠎ᠤᠨ ᠣᠬᠣᠷ ᠬᠤᠭᠤᠴᠠᠭᠠᠨ᠎ᠳᠤ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ᠎ᠬᠢᠬᠦ ᠴᠢᠬᠤᠯᠠᠲᠠᠶ ᠭᠠᠵᠠᠷ᠎ᠲᠤ ᠬᠦᠷᠴᠦ᠍᠂ ᠣᠯᠠᠨ ᠴᠡᠭ᠎ᠦᠨ ᠪᠥᠭᠡᠮ ᠬᠦᠴᠢᠯ᠎ᠦᠨ᠎ᠱᠢᠯᠭᠠᠨ ᠪᠠᠢᠴᠠᠭᠠᠯᠲᠠ ᠵᠢᠨ ᠦᠢᠯᠡᠴᠢᠯᠡᠭᠡ ᠵᠢ ᠬᠠᠡᠭᠭᠠᠵᠤ ᠦᠭᠴᠤ ᠲᠡᠢᠯᠦᠨ᠎ᠠ᠃ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ᠎ᠶ᠋ᠢᠨ ᠮᠠᠱᠢᠨ ᠲᠡᠷᠭᠡᠨ ᠳᠡᠭᠡᠷ᠎ᠡ ᠨᠡᠢᠲᠡ 4 ᠡᠮᠨᠡᠯᠭᠡ᠎ᠶᠢᠨ ᠠᠵᠢᠯᠲᠠᠨ ᠲᠠᠢ᠂ ᠳᠡᠳᠡ ᠨᠠᠷ ᠡᠳᠦᠷ ᠪᠦᠷᠢ 12 ᠴᠠᠭ᠎ᠠᠴᠠ ᠳᠡᠭᠡᠭᠰᠢ ᠠᠵᠢᠯᠯᠠᠵᠤ᠂ 700 ᠭᠠᠷᠤᠶ ᠪᠥᠭᠡᠮ ᠬᠦᠴᠢᠯ᠎ᠦᠨ ᠥᠯᠢᠭᠡᠷ ᠬᠡᠪ᠎ᠢ ᠴᠤᠭᠯᠠᠭᠤᠯᠤᠨ᠎ᠠ᠃


微信图片_20211212100526.jpg


ᠮᠠᠨᠵᠤᠤᠷ ᠬᠣᠲᠠ᠎ᠶᠢᠨ ᠰᠢᠡᠭ ᠬᠤᠸᠠ ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ᠌ ᠭᠠᠵᠠᠷ᠎ᠤᠨ ᠬ᠍ᠦ ᠪᠸᠢ ᠨᠡᠢᠭᠡᠮ ᠲᠣᠭᠣᠷᠢᠭ᠎ᠤᠨ ᠨᠠᠮ᠎ᠤᠨ ᠬᠤᠷᠢᠶᠠᠨ᠎ᠤ ᠱᠦᠵᠢ᠂ ᠡᠷᠬᠢᠯᠡᠭᠴᠢ ᠨᠢᠤ ᠰᠢᠶᠠᠡᠭ᠄ ᠪᠢᠳᠡ 3 ᠰᠢᠯᠵᠢᠮᠡᠯ ᠮᠠᠰᠢᠨ ᠲᠡᠷᠭᠡ ᠲᠣᠬᠢᠷᠠᠭᠤᠯᠤᠨ ᠰᠠᠭᠤᠭᠠᠯᠢ ᠠᠷᠠᠳ᠎ᠤᠨ ᠲᠣᠭᠣᠷᠢᠭ᠎ᠲᠤ ᠣᠷᠣᠵᠤ ᠰᠠᠭᠤᠭᠠᠯᠢ ᠠᠷᠠᠳ ᠎ᠲᠤ ᠪᠥᠭᠡᠮ ᠬᠦᠴᠢᠯ᠎ᠦᠨ ᠰᠢᠯᠭᠠᠨ ᠪᠠᠢᠴᠠᠭᠠᠯᠲᠠ ᠬᠢᠬᠦ᠌᠎ᠶᠢᠨ ᠬᠠᠮᠲᠤ᠂ ᠮᠠᠨ᠎ᠤ ᠬᠠᠷᠢᠶ᠎ᠠ ᠣᠷᠣᠨ᠎ᠳ᠋ᠡᠬᠢ ᠦᠢᠷ᠎ᠠ ᠬᠠᠪᠢ ᠵᠢᠨ ᠵᠠᠷᠢᠮ ᠠᠵᠤ ᠠᠬᠤᠢᠯᠠᠯ᠂ ᠪᠠᠢᠭᠤᠯᠭ᠎ᠠ ᠨᠢᠭᠡᠴᠢ᠂ ᠮᠠᠯᠵᠢᠯ᠎ᠤᠨ ᠲᠠᠯᠠᠪᠠᠶ᠂ ᠪᠠᠷᠢᠯᠭ᠎ᠠ᠎ᠶᠢᠨ ᠭᠠᠵᠠᠷ᠎ᠤᠨ ᠭᠠᠷᠴᠤ᠌ ᠢᠷᠡᠵᠦ᠍ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ᠎ᠬᠢᠯᠭᠡᠵᠤ ᠳᠡᠢᠯᠬᠦ᠌ ᠥᠬᠡᠶ ᠬᠦᠮᠦᠰ᠎ᠲᠤ ᠪᠠᠰᠠ ᠪᠥᠭᠡᠮ ᠬᠦᠴᠢᠯ᠎ᠦᠨ ᠰᠢᠯᠭᠠᠨ ᠪᠠᠢᠴᠠᠭᠠᠯᠲᠠ ᠬᠢᠵᠦ᠍ ᠦᠭᠴᠤ ᠪᠣᠯᠤᠨ᠎ᠠ᠂ ᠪᠠᠢᠴᠠᠭᠠᠬᠤ ᠶᠣᠰᠣᠲᠠᠶ᠎ᠶᠢ᠎ᠨᠢ ᠪᠦᠬᠦᠨ᠎ᠢ ᠪᠠᠢᠴᠠᠭᠠᠵᠤ᠂ ᠨᠢᠭᠡ ᠬᠥᠮᠦᠨ᠎ᠢ ᠴᠦ᠍ ᠤᠷᠬᠢᠭᠳᠠᠭᠤᠯᠬᠤ ᠥᠬᠡᠶ ᠪᠠᠢᠬᠤ᠎ᠶᠢ ᠦᠨᠡᠨ ᠬᠦ᠌ ᠪᠠᠲᠤᠯᠠᠨ᠎ᠠ᠃

ᠢᠷᠡᠯᠳᠡ᠄ ᠦᠪᠦᠷ ᠮᠤᠡᠭᠭᠤᠯ᠎ᠤᠨ ᠰᠤᠨᠢᠨ ᠮᠡᠳᠡᠭᠡ ᠵᠢᠨ ᠷᠠᠳᠢᠣ᠋

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面