ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2021-12-12 20:54:41

ᠵᠣᠬᠢᠶᠠᠭ᠍ᠴᠢ᠄ ᠳᠠᠳᠤᠯᠭ᠎ᠠ᠎ᠶ᠋ᠢᠨ ᠰᠤᠷᠪᠤᠯᠵᠢᠯᠠᠭ᠍ᠴᠢ ᠮᠧᠶ ᠭᠠᠩ ᠰᠤᠷᠪᠤᠯᠵᠢᠯᠠᠭ᠍ᠴᠢ ᠢᠳᠡᠷᠡᠬᠦᠨ ᠣᠩᠱᠢᠭ᠍ᠰᠠᠨ ᠣᠳᠠᠭ᠎ᠠ᠄ 3

12 ᠰᠠᠷ᠎ᠠ᠎ᠶ᠋ᠢᠨ 10᠎ᠤ᠋ ᠡᠳᠦᠷ᠂ ᠮᠠᠨᠵᠤᠤᠷ ᠬᠣᠲᠠ᠎ᠶ᠋ᠢᠨ ᠠᠷᠠᠳ᠎ᠤᠨ ᠡᠮᠨᠡᠯᠭᠡ᠎ᠶ᠋ᠢᠨ ᠬᠣᠷᠢᠶ᠎ᠠ᠎ᠡᠮᠴᠢᠯᠡᠬᠡᠨ ᠤ᠋ ᠦᠶ᠋ᠯᠡᠴᠢᠯᠡᠭᠡ᠎ᠪᠠᠨ ᠡᠮᠬᠢ ᠲᠠᠷᠠᠭ᠎ᠠ᠎ᠲᠠᠶ᠂ ᠵᠢᠷᠤᠮᠵᠢᠯ᠎ᠲᠠᠶ᠎ᠪᠠᠷ ᠠᠯᠬᠤᠮ ᠠᠯᠬᠤᠮ᠎ᠢᠶᠠᠷ ᠰᠡᠷᠭᠦᠭᠡᠵᠦ᠍᠂ ᠰᠠᠭᠤᠭᠠᠯᠢ ᠠᠷᠠᠳ᠎ᠲᠤ 10 ᠵᠦᠶ᠋ᠯ᠎ᠦᠨ ᠦᠶ᠋ᠯᠡᠴᠢᠯᠡᠭᠡ ᠬᠠᠩᠭᠠᠵᠦ ᠪᠤᠢ᠃

ᠬᠢᠮᠢ᠎ᠶ᠋ᠢᠨ ᠡᠮᠴᠢᠯᠡᠬᠡ ᠪᠠᠴᠢᠮ ᠱᠠᠭᠠᠷᠳᠠᠵᠤ ᠪᠠᠢᠭ᠎ᠠ ᠬᠤᠤᠷᠠᠳᠤ ᠬᠠᠪᠤᠳᠠᠷ ᠤ᠋ᠨ ᠡᠪᠡᠳᠴᠢᠲᠡᠨ᠎ᠳᠦ ᠬᠤᠤᠷᠠᠳᠤ ᠬᠠᠪᠤᠳᠠᠷ᠎ᠤᠨ ᠬᠢᠮᠢ᠎ᠶ᠋ᠢᠨ ᠡᠮᠴᠢᠯᠡᠬᠡ ᠪᠠ ᠬᠠᠷᠠᠭᠠᠯᠵᠠᠬᠰᠠᠨ ᠡᠮᠴᠢᠯᠡᠭᠡᠨ᠎ᠦ ᠦᠶ᠋ᠯᠡᠴᠢᠯᠡᠭᠡ ᠬᠠᠩᠭᠠᠵᠦ᠂ ᠬᠥᠩᠭᠡᠵᠢᠭᠦᠯᠬᠦ᠌ ᠰᠠᠯᠠᠭᠠᠨ᠎ᠤ ᠡᠭᠦᠳᠡᠨ ᠡᠮᠨᠡᠯᠭᠡ᠎ᠶ᠋ᠢ ᠨᠡᠭᠡᠭᠡᠯᠳᠡ ᠬᠢᠵᠦ᠂ ᠵᠢᠷᠮᠦᠰᠦᠨ ᠪᠠ ᠬᠥᠩᠭᠡᠵᠢᠭ᠌ᠰᠡᠨ ᠡᠮᠡᠭ᠌ᠲᠡᠢ᠎ᠳᠦ ᠪᠠᠴᠢᠮ ᠬᠡᠷᠡᠭ᠌ᠰᠡᠬᠦ᠌ ᠡᠮᠴᠢᠯᠡᠬᠡᠨ ᠤ᠋ ᠦᠢᠯᠡᠴᠢᠯᠡᠭᠡ ᠬᠠᠩᠭᠠᠵᠦ᠂ ᠵᠢᠷᠦᠬᠡᠨ᠎ᠦ ᠳᠣᠲᠣᠷ ᠰᠠᠯᠠᠭᠠᠨ᠎ᠤ ᠡᠭᠦᠳᠡᠨ ᠡᠮᠨᠡᠯᠭᠡ ᠭᠠᠷᠭᠠᠵᠤ᠂ ᠴᠢᠰᠤᠨ ᠳᠠᠷᠤᠯᠲᠠ ᠥᠨᠳᠥᠷ᠂ ᠵᠢᠷᠦᠬᠡᠨ ᠡᠪᠡᠳᠴᠢᠨ ᠵᠡᠷᠭᠡ ᠤᠳᠠᠭᠠᠨ ᠴᠢᠨᠠᠷᠲᠠᠶ ᠡᠪᠡᠳᠴᠢᠨ᠎ᠢ ᠤᠨᠤᠰᠢᠯᠠᠨ ᠵᠠᠰᠠᠬᠤ ᠠᠰᠠᠭᠤᠳᠠᠯ᠎ᠢ ᠱᠢᠶ᠋ᠳᠪᠦᠷᠢᠯᠡᠵᠦ᠂ ᠶᠠᠰᠤᠨ᠎ᠤ ᠰᠠᠯᠠᠭᠠᠨ᠎ᠤ ᠡᠮᠴᠢᠯᠡᠬᠡᠨ ᠤ᠋ ᠡᠭᠦᠳᠡᠨ ᠡᠮᠨᠡᠯᠭᠡ ᠭᠠᠷᠭᠠᠵᠦ᠂ ᠴᠢᠰᠤ ᠨᠡᠪᠴᠢᠭᠦᠯᠦᠨ ᠢᠯᠭᠠᠷᠠᠭᠤᠯᠬᠤ ᠡᠪᠡᠳᠴᠢᠲᠡᠨ᠎ᠳᠦ ᠨᠡᠪᠴᠢᠭᠦᠯᠦᠨ ᠢᠯᠭᠠᠷᠠᠭᠤᠯᠬᠤ ᠡᠮᠴᠢᠯᠡᠭᠡ ᠬᠢᠬᠦ᠌ ᠦᠶ᠋ᠯᠡᠴᠢᠯᠡᠭᠡ ᠬᠠᠩᠭᠠᠵᠦ᠂ ᠳᠣᠲᠣᠷ ᠡᠮᠨᠡᠯᠭᠡ᠎ᠶ᠋ᠢᠨ ᠰᠠᠯᠠᠭ᠎ᠠ᠂ ᠭᠠᠳᠠᠷ ᠡᠮᠨᠡᠯᠭᠡ᠎ᠶ᠋ᠢᠨ ᠰᠠᠯᠠᠭ᠎ᠠ᠂ ᠬᠤᠤᠷᠠᠳᠤ ᠬᠠᠪᠤᠳᠠᠷ᠂ ᠬᠥᠩᠭᠡᠵᠢᠭᠦᠯᠬᠦ᠌ ᠰᠠᠯᠠᠭᠠᠨ᠎ᠤ ᠡᠪᠡᠳᠴᠢᠲᠡᠨ᠎ᠳᠦ ᠪᠠᠴᠢᠮ ᠬᠡᠷᠡᠭ᠌ᠴᠡᠭᠡ᠎ᠲᠡᠶ ᠡᠮᠨᠡᠯᠭᠡ᠎ᠳᠦ ᠰᠠᠭᠤᠬᠤ ᠦᠶ᠋ᠯᠡᠴᠢᠯᠡᠭᠡ ᠬᠠᠩᠭᠠᠵᠦ᠂ ᠰᠠᠭᠤᠭᠠᠯᠢ ᠠᠷᠠᠳ᠎ᠲᠤ ᠤᠳᠠᠭᠠᠨ ᠴᠢᠨᠠᠷᠲᠠᠶ ᠡᠪᠡᠳᠴᠢᠨ᠎ᠳᠦ ᠡᠮ ᠥᠭ᠌ᠬᠦ ᠵᠡᠷᠭᠡ ᠦᠶ᠋ᠯᠡᠴᠢᠯᠡᠭᠡᠨ᠎ᠦ ᠲᠥᠷᠥᠯ ᠵᠦᠶ᠋ᠯ ᠬᠠᠩᠭᠠᠵᠦ᠂ ᠵᠢᠷᠤᠭ ᠳᠦᠷᠰᠦ᠂ ᠡᠮᠴᠢᠯᠡᠭᠡᠨ᠎ᠦ ᠮᠡᠷᠭᠡᠵᠢᠯ᠂ ᠱᠢᠯᠭᠠᠨ ᠪᠠᠢᠴᠠᠭᠠᠬᠤ ᠵᠡᠷᠭᠡ ᠪᠠᠢᠴᠠᠭᠠᠯᠲᠠ᠎ᠶ᠋ᠢᠨ ᠲᠥᠷᠥᠯ ᠵᠦᠶ᠋ᠯ᠎ᠢ ᠥᠷᠨᠢᠭᠦᠯᠵᠦ᠂ 24 ᠴᠠᠭ᠎ᠤᠨ ᠲᠦᠷᠭᠡᠨ ᠡᠮᠴᠢᠯᠡᠭᠡ ᠲᠦᠷᠭᠡᠨ ᠠᠪᠤᠷᠠᠯᠳᠠ᠂ ᠬᠠᠯᠠᠭᠤᠷᠠᠯ᠎ᠤᠨ ᠡᠭᠦᠳᠡᠨ ᠡᠮᠨᠡᠯᠭᠡ᠎ᠶ᠋ᠢᠨ ᠦᠶ᠋ᠯᠡᠴᠢᠯᠡᠭᠡ ᠵᠢᠴᠢ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠠᠵᠢᠯ᠎ᠢ ᠦᠷᠭᠦᠯᠵᠢᠯᠡᠨ ᠡᠬᠢᠯᠡᠬᠦᠯᠵᠦ᠂ ᠡᠮ᠎ᠦᠨ ᠵᠦᠶ᠋ᠯ ᠵᠢᠴᠢ ᠡᠮᠨᠡᠯᠭᠡ᠎ᠳᠦ ᠬᠡᠷᠡᠭ᠌ᠯᠡᠬᠦ᠌ ᠲᠥᠬᠥᠭᠡᠷᠦᠮᠵᠢ ᠬᠠᠩᠭᠠᠬᠤ ᠠᠵᠢᠯ᠎ᠢ ᠪᠠᠳᠤᠯᠠᠵᠦ ᠪᠠᠢᠨ᠎ᠠ᠃ ᠡᠮᠨᠡᠯᠭᠡ᠎ᠶ᠋ᠢᠨ ᠬᠣᠷᠢᠶ᠎ᠠ ᠤᠷᠢᠳᠴᠢᠯᠠᠨ ᠪᠣᠯᠵᠣᠵᠤ ᠣᠨᠣᠱᠢᠯᠠᠨ ᠡᠮᠨᠡᠬᠦ᠌ ᠦᠶ᠋ᠯᠡᠴᠢᠯᠡᠭᠡ᠎ᠭᠠᠷᠭᠠᠵᠦ᠍᠂ ᠡᠪᠡᠳᠴᠢᠲᠡᠨ ᠤᠲᠠᠰᠤ᠎ᠪᠠᠷ ᠤᠷᠢᠳᠴᠢᠯᠠᠨ ᠪᠣᠯᠵᠣᠬᠤ ᠂ ᠰᠦᠯᠵᠢᠶᠡᠨ ᠳᠡᠭᠡᠷ᠎ᠡ ᠤᠷᠢᠳᠴᠢᠯᠠᠨ ᠪᠣᠯᠵᠣᠬᠤ ᠵᠡᠷᠭᠡ ᠠᠷᠭ᠎ᠠ ᠮᠠᠶᠢᠭ᠎ᠢᠶᠠᠷ ᠴᠠᠭ ᠬᠤᠪᠢᠶᠠᠨ ᠬᠡᠰᠡᠭ ᠬᠤᠪᠢᠶᠠᠨ ᠡᠮᠨᠡᠭᠦᠯᠵᠦ᠍ ᠪᠣᠯᠤᠨ᠎ᠠ᠃ ᠪᠢᠲᠡᠭᠦᠮᠵᠢᠯᠡᠨ ᠡᠵᠡᠮᠳᠡᠬᠦ᠌ ᠰᠠᠭᠤᠭᠠᠯᠢ ᠲᠣᠭᠣᠷᠢᠭ᠂ ᠬᠡᠷ᠎ᠲᠡᠬᠡᠨ ᠲᠤᠰᠠᠭᠠᠷᠯᠠᠨ ᠠᠵᠢᠭ᠍ᠯᠠᠬᠤ ᠵᠡᠷᠭᠡ ᠬᠥᠮᠦᠰ᠎ᠦᠨ ᠪᠠᠴᠢᠮ ᠲᠦᠭ᠌ᠰᠢᠭᠦᠷᠢᠲᠡᠶ ᠬᠦᠨᠳᠦ ᠡᠪᠡᠳᠴᠢᠨ᠎ᠦ ᠡᠷᠡᠭᠦᠯ ᠮᠡᠨᠳᠦ᠍᠎ᠶ᠋ᠢᠨ ᠠᠰᠠᠭᠤᠳᠠᠯ᠎ᠢ ᠪᠠᠲᠤᠯᠠᠬᠤ᠎ᠶ᠋ᠢᠨ ᠲᠥᠯᠥᠭᠡ᠂ ᠡᠮᠨᠡᠯᠭᠡ᠎ᠶ᠋ᠢᠨ ᠬᠣᠷᠢᠶ᠎ᠠ ᠨᠢ ᠪᠠᠰᠠ 24 ᠴᠠᠭ᠎ᠤᠨ ᠰᠦᠯᠵᠢᠶᠡᠨ ᠳᠡᠭᠡᠷᠡᠬᠢ ᠡᠮᠴᠢᠯᠡᠭᠡᠨ᠎ᠦ ᠠᠰᠠᠭᠤᠨ ᠯᠠᠪᠯᠠᠬᠤ ᠦᠶ᠋ᠯᠡᠴᠢᠯᠡᠭᠡ᠎ᠭᠠᠷᠭᠠᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面