2021-12-12 20:57:01
ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ᠂ ᠣᠳᠣᠬᠠᠨ ᠳᠤ ᠮᠠᠨᠵᠤᠤᠷ ᠬᠣᠲᠠ᠎ᠳᠤ ᠠᠷᠠᠳ᠎ᠤᠨ ᠠᠮᠢᠳᠤᠷᠠᠯ᠎ᠤᠨ ᠡᠳ᠋ ᠪᠣᠳᠠᠰ ᠪᠠ ᠬᠢᠵᠢᠭ᠎ᠢ ᠰᠡᠷᠭᠡᠢᠯᠡᠬᠦ᠌ ᠡᠳ᠋ ᠪᠣᠳᠠᠰ ᠵᠦᠭᠡᠭᠡᠪᠤᠷᠢᠯᠡᠬᠦ ᠲᠡᠷᠭᠡ ᠬᠦᠰᠭᠡ ᠯᠡ ᠣᠷᠣᠵᠤ ᠭᠠᠷᠴᠤ᠌᠂ ᠪᠠᠢᠴᠠᠭᠠᠬᠤ ᠥᠷᠲᠡᠭᠡ᠎ᠨᠢ ᠵᠢᠯᠣᠭᠣᠴᠢ᠎ᠶ᠋ᠢᠨ ᠡᠷᠡᠭᠦᠯ ᠮᠡᠨᠳᠦ᠍᠎ᠶ᠋ᠢᠨ ᠪᠠᠢᠳᠠᠯ᠎ᠢ ᠪᠥᠬᠥ᠌ ᠲᠠᠯ᠎ᠠ᠎ᠪᠠᠷ ᠡᠵᠡᠮᠱᠢᠵᠦ᠍᠂ ᠪᠠᠰᠠ ᠲᠡᠷᠭᠡᠨ ᠬᠦᠰᠭᠡ ᠵᠢᠨ ᠡᠭᠦᠳᠡᠨ᠎ᠳᠦ ᠪᠢᠲᠡᠭᠦᠮᠵᠢ ᠨᠠᠭᠠᠵᠦ ᠪᠠᠢᠨ᠎ᠠ᠃
12 ᠰᠠᠷ᠎ᠠ᠎ᠶ᠋ᠢᠨ 9 ᠤ᠋ ᠡᠳᠦᠷ᠂ ᠰᠤᠷᠪᠤᠯᠵᠢᠯᠠᠭ᠍ᠴᠢ 301 ᠤᠯᠤᠰ᠎ᠤᠨ ᠵᠠᠮ᠎ᠤᠨ ᠵᠠᠯᠠᠢᠨᠠᠭᠤᠷ ᠥᠷᠲᠡᠭᠡ᠎ᠳᠦ ᠪᠠᠢᠷᠢᠯᠠᠭ᠎ᠠ ᠮᠠᠨᠵᠤᠤᠷ ᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ 301 ᠤᠯᠤᠰ᠎ᠤᠨ ᠵᠠᠮ᠎ᠤᠨ ᠠᠮᠤᠷ᠎ᠢ ᠬᠠᠮᠠᠭᠠᠯᠠᠬᠤ ᠪᠠᠢᠴᠠᠭᠠᠯᠲᠠ᠎ᠶ᠋ᠢᠨ ᠥᠷᠲᠡᠭᠡ᠎ᠳᠦ᠂ ᠪᠢᠲᠡᠭᠦᠮᠵᠢ ᠳᠡᠭᠡᠷ᠎ᠡ ᠤᠷᠤᠵᠤ ᠢᠷᠡᠭᠰᠡᠨ ᠡᠴᠡ ᠨᠠᠭᠠᠰᠢ 6 ᠴᠠᠭ᠎ᠤᠨ ᠬᠦᠴᠦᠨ᠎ᠪᠦᠬᠦᠢ ᠬᠤᠭᠤᠴᠠᠭ᠎ᠠ᠎ᠶ᠋ᠢ ᠲᠣᠳᠣᠷᠬᠠᠢᠯᠠᠭ᠍ᠰᠠᠨᠢ ᠣᠯᠵᠤ ᠬᠠᠷᠠᠪᠠ᠂ ᠡᠨᠡ ᠨᠢ ᠵᠢᠯᠣᠭᠣᠴᠢ 6 ᠴᠠᠭ᠎ᠤᠨ ᠳᠣᠲᠣᠷ᠎ᠠ ᠲᠣᠬᠢᠷᠠᠭᠤᠯᠤᠨ ᠬᠦᠷᠭᠡᠵᠦ᠍᠂ ᠪᠥᠬᠥ᠌ ᠶᠠᠪᠤᠴᠠ᠎ᠳᠤ ᠲᠡᠷᠭᠡᠨ᠎ᠡᠴᠡ ᠪᠠᠨ ᠪᠠᠭᠤᠵᠤ ᠪᠣᠯᠬᠤ ᠥᠬᠡᠶ᠂ ᠪᠢᠲᠡᠭᠦᠮᠵᠢ ᠨᠢ ᠪᠦᠷᠢᠨ ᠪᠦᠲᠦᠨ ᠪᠠᠢᠪᠠᠯ ᠰᠠᠶᠢ ᠲᠡᠷᠭᠡ ᠬᠦᠰᠭᠡ ᠨᠢ ᠮᠠᠨᠵᠤᠤᠷ᠎ᠡᠴᠡ ᠰᠠᠯᠵᠤ ᠪᠣᠯᠤᠨ᠎ᠠ ᠭᠡᠳᠡᠭ᠎ᠢ ᠬᠠᠷᠠᠭᠤᠯᠵᠤ ᠪᠠᠢᠨ᠎ᠠ᠃
ᠬᠢᠵᠢᠭ᠎ᠤᠨ ᠪᠠᠢᠳᠠᠯ ᠭᠠᠷᠤᠭ᠍ᠰᠠᠨ᠎ᠡᠴᠡ ᠨᠠᠭᠠᠰᠢ᠂ ᠮᠠᠨᠵᠤᠤᠷ ᠬᠣᠲᠠ᠎ᠶ᠋ᠢᠨ ᠳᠣᠲᠣᠭᠠᠳᠤ ᠶ᠋ᠢ ᠬᠠᠮᠠᠭᠠᠯᠠᠬᠤ ᠲᠣᠪᠴᠢᠶ᠎ᠠ᠎ᠶ᠋ᠢᠨ ᠵᠠᠯᠠᠢᠨᠠᠭᠤᠷ᠎ᠤᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠶᠡᠬᠡ ᠠᠩᠭᠢ᠎ᠶ᠋ᠢᠨ ᠲᠤᠰᠠᠯᠠᠬᠤ ᠴᠠᠭ᠍ᠳᠠᠭ᠎ᠠ ᠯᠢ ᠸᠧᠶ ᠨᠢᠭᠡᠨᠲᠡ ᠬᠠᠮᠲᠤ ᠠᠵᠢᠯᠯᠠᠭ᠍ᠰᠠᠳ ᠲᠠᠶ᠎ᠪᠠᠨ ᠪᠠᠢᠴᠠᠭᠠᠬᠤ ᠥᠷᠲᠡᠭᠡ᠎ᠳᠦ ᠵᠠᠯᠭᠠᠭ᠎ᠠ᠎ᠪᠠᠷ 10 ᠭᠠᠷᠤᠶ ᠡᠳᠦᠷ ᠰᠠᠬᠢᠨ ᠰᠠᠭᠤᠪᠠ᠃ ᠬᠤᠳᠠ᠎ᠳᠤ ᠣᠷᠣᠬᠤ ᠭᠡᠵᠦ᠍ ᠪᠠᠢᠭ᠎ᠠ ᠲᠡᠷᠭᠡ ᠬᠦᠰᠭᠡ ᠪᠦᠷᠢ᠎ᠶ᠋ᠢ ᠳᠡᠳᠡ ᠨᠢᠭᠡ ᠨᠢᠭᠡ᠎ᠪᠡᠷ ᠲᠥᠪᠬᠢᠨᠡᠭᠦᠯᠵᠦ᠂ ᠬᠡᠷᠪᠡ 6 ᠴᠠᠭ ᠪᠣᠯᠲᠠᠯ᠎ᠠ ᠭᠠᠳᠠᠭ᠍ᠰᠢ ᠭᠠᠷᠤᠬᠰᠡᠨ ᠦᠭᠡᠶ ᠪᠠᠢᠳᠠᠯ ᠭᠠᠷᠪᠠᠯ᠂ ᠯᠢ ᠸᠧᠶ ᠪᠠᠷᠠᠭᠠᠨ᠎ᠤ ᠲᠡᠭᠡᠭᠡᠪᠦᠷᠢ᠎ᠶ᠋ᠢᠨ ᠵᠢᠯᠣᠭᠣᠴᠢ᠎ᠳᠤ ᠤᠲᠠᠰᠤᠳᠠᠵᠦ ᠳᠠᠷᠤᠢᠬᠠᠨ ᠬᠣᠲᠠ᠎ᠡᠴᠡ ᠭᠠᠷᠬᠤ ᠵᠢ ᠰᠠᠨᠠᠭᠤᠯᠳᠠᠭ᠃
ᠣᠢᠯᠠᠭᠠᠭ᠍ᠰᠠᠨ᠎ᠢᠶᠠᠷ᠂ ᠮᠠᠨᠵᠤᠤᠷ ᠬᠣᠲᠠ 11 ᠰᠠᠷ᠎ᠠ᠎ᠶ᠋ᠢᠨ 28 ᠤ᠋ ᠡᠳᠦᠷ᠎ᠡᠴᠡ ᠡᠬᠢᠯᠡᠨ᠂ ᠬᠣᠲᠠ᠎ᠶ᠋ᠢᠨ ᠪᠢᠲᠡᠭᠦᠮᠵᠢᠯᠡᠨ ᠡᠵᠡᠮᠳᠡᠬᠦ᠌ ᠬᠠᠮᠢᠶᠠᠷᠤᠯᠲᠠ᠎ᠶ᠋ᠢᠨ ᠠᠵᠢᠯ᠎ᠢ ᠪᠥᠬᠥ᠌ ᠲᠠᠯ᠎ᠠ᠎ᠪᠠᠷ ᠥᠷᠨᠢᠭᠦᠯᠵᠦ᠍᠂ ᠠᠮᠢᠳᠤᠷᠠᠯ ᠤᠨ ᠡᠳ᠋ ᠪᠣᠳᠠᠰ᠂ ᠬᠢᠵᠢᠭ᠎ᠢ ᠰᠡᠷᠭᠡᠢᠯᠡᠬᠦ᠌ ᠡᠳ᠋ ᠪᠣᠳᠠᠰ ᠲᠡᠬᠡᠬᠡᠪᠦᠷᠢᠯᠡᠭᠰᠡᠨ ᠬᠣᠲᠠ᠎ᠳᠤ ᠣᠷᠣᠬᠤ ᠪᠡᠷ ᠪᠠᠢᠭ᠎ᠠ ᠲᠡᠷᠭᠡ ᠬᠥᠰᠭᠡ᠎ᠶ᠋ᠢ ᠬᠠᠮᠢᠶᠠᠷᠤᠨ ᠡᠵᠡᠮᠳᠡᠬᠦ᠌ ᠱᠠᠭᠠᠷᠳᠠᠯᠭ᠎ᠠ ᠶᠣᠰᠣᠭᠠᠷ ᠰᠠᠭᠠᠳ ᠥᠬᠡᠶ ᠨᠡᠪᠲᠡᠷᠡᠬᠦ᠌ ᠵᠠᠮ ᠨᠡᠭᠡᠭᠡᠵᠦ᠍᠂ ᠡᠳ᠋ ᠪᠣᠳᠠᠰ ᠠᠴᠢᠶᠠᠯᠠᠬᠰᠠᠨ ᠬᠣᠲᠠ᠎ᠡᠴᠡ ᠭᠠᠷᠬᠤ ᠪᠡᠷ ᠪᠠᠢᠭ᠎ᠠ ᠲᠡᠷᠭᠡ ᠬᠥᠰᠭᠡ ᠵᠢᠨ ᠪᠢᠳᠡᠬᠦᠮᠵᠢ ᠨᠢ ᠪᠦᠷᠢᠨ ᠪᠦᠲᠦᠨ ᠪᠠᠢᠬᠤ ᠵᠢ ᠱᠠᠭᠠᠷᠳᠠᠵᠦ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠᠴᠢᠮ ᠪᠠᠢᠳᠠᠯ᠎ᠢ ᠠᠷᠭᠠᠴᠠᠭᠠᠬᠤ ᠪᠠᠲᠤᠯᠠᠭ᠎ᠠ᠎ᠶ᠋ᠢᠨ ᠲᠡᠷᠭᠡ ᠬᠥᠰᠭᠡ᠎ᠶ᠋ᠢᠨ ᠨᠡᠪᠲᠡᠷᠡᠬᠦ᠌ ᠦᠨᠡᠮᠯᠡᠯ ᠵᠢᠨᠨ ᠦᠵᠡᠬᠦᠯᠦᠭᠰᠡᠨᠤ ᠳᠠᠷᠠᠭ᠎ᠠ ᠶᠠᠪᠤᠭᠤᠯᠵᠦ ᠪᠤᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃