ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2021-12-12 22:05:11

ᠵᠣᠬᠢᠶᠠᠭ᠍ᠴᠢ᠄ ᠲᠠᠳᠤᠯᠭ᠎ᠠ ᠵᠢᠨ ᠰᠤᠷᠪᠤᠯᠵᠢᠯᠠᠬᠴᠢ ᠮᠧᠢ ᠭᠠᠡᠭ ᠰᠤᠷᠪᠤᠯᠵᠢᠯᠠᠬᠴᠢ ᠢᠳᠡᠷᠡᠬᠦᠨ ᠣᠩᠱᠢᠭ᠍ᠰᠠᠨ ᠣᠳᠠᠭ᠎ᠠ᠄ 3

《ᠡᠨᠡ ᠬᠣᠶᠠᠷ ᠡᠳᠦᠷ ᠮᠠᠨᠵᠤᠤᠷ᠎ᠤᠨ ᠲᠤᠳᠤᠯᠠᠬᠰᠠᠨ ᠡᠪᠡᠳᠴᠢᠨ᠎ᠤ ᠵᠢᠱ᠌ᠢᠶ᠎ᠡ ᠢᠯᠡᠷᠡᠬᠦ ᠨᠢ ᠴᠦᠬᠡᠷᠡᠭᠰᠡᠨ ᠮᠦᠷᠳᠡᠬᠡᠨ ᠲᠤᠳᠤᠯᠠᠬᠰᠠᠨ ᠡᠪᠡᠳᠴᠢᠨ᠎ᠤ ᠵᠢᠱ᠌ᠢᠶ᠎ᠡ ᠵᠢ ᠴᠥᠮ ᠴᠢᠩᠭ᠎ᠠ ᠬᠠᠮᠢᠶᠠᠷᠤᠨ ᠡᠵᠡᠮᠳᠡᠵᠦ ᠪᠠᠢᠭ᠎ᠠ ᠲᠥᠪᠯᠡᠷᠡᠭᠦᠯᠦᠨ ᠲᠤᠰᠠᠭᠠᠷᠯᠠᠬᠰᠠᠨ ᠪᠤᠶᠤ ᠬᠡᠷ᠎ᠲᠡᠬᠡᠨ ᠲᠤᠰᠠᠭᠠᠷᠯᠠᠵᠤ ᠪᠠᠢᠭ᠎ᠠ ᠬᠥᠮᠦᠰ᠎ᠦᠨ ᠳᠣᠲᠣᠷ᠎ᠠ᠎ᠠᠴᠠ ᠢᠯᠡᠷᠡᠭᠦᠯᠦᠭ᠌ᠰᠡᠨ ᠶᠤᠮ᠃ ᠡᠢᠨ ᠬᠦ᠌ 14 ᠡᠳᠦᠷ᠎ᠦᠨ ᠳᠣᠲᠣᠷ᠎ᠠ ᠲᠣᠰ ᠡᠭᠡᠯᠵᠢ᠎ᠶ᠋ᠢᠨ ᠬᠢᠵᠢᠭ᠎ᠦᠨ ᠪᠠᠢᠳᠠᠯ᠎ᠢ ᠦᠨᠳᠦᠰᠦᠨ᠎ᠳᠡᠭᠡᠨ ᠬᠢᠵᠠᠭᠠᠷᠯᠠᠵᠤ᠂ ᠡᠷᠭᠢᠯᠲᠡ ᠭᠠᠷᠤᠬᠰᠠᠨ ᠭᠡᠵᠦ᠍ ᠬᠡᠯᠡᠵᠦ᠍ ᠪᠣᠯᠤᠨ᠎ᠠ᠃ 〈ᠬᠥᠮᠦᠨ᠎ᠢ ᠡᠷᠢᠵᠦ᠍ ᠤᠯᠬᠤ᠂ ᠬᠥᠮᠦᠨ᠎ᠢ ᠬᠠᠮᠢᠶᠠᠷᠴᠤ᠌ ᠳᠡᠢᠯᠬᠦ᠌᠂ ᠬᠥᠮᠦᠨ᠎ᠢ ᠰᠠᠢᠲᠤᠷ ᠵᠠᠰᠠᠬᠤ〉 ᠠᠷᠭ᠎ᠠ ᠬᠡᠮᠵᠢᠶ᠎ᠡ᠎ᠶ᠋ᠢ ᠴᠢᠩᠭ᠎ᠠ ᠨᠠᠢᠳᠠᠪᠤᠷᠢᠵᠢᠭᠤᠯᠪᠠᠯ᠂ ᠬᠢᠯᠢ᠎ᠶ᠋ᠢᠨ ᠪᠣᠭᠣᠮᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ ᠳᠠᠷᠤᠢ ᠭᠠᠳᠠᠨ᠎ᠠ᠎ᠠᠴᠠ ᠬᠠᠯᠳᠠᠪᠤᠷᠢᠯᠠᠨ ᠣᠷᠣᠵᠤ ᠢᠷᠡᠬᠦ᠌᠂ ᠳᠣᠲᠣᠭᠠᠳᠤ᠎ᠳᠠᠭᠠᠨ ᠲᠠᠬᠢᠨ ᠳᠡᠯᠭᠡᠷᠡᠬᠦ᠌᠎ᠶ᠋ᠢ ᠰᠡᠷᠭᠡᠢᠯᠡᠬᠦ᠌᠎ᠶ᠋ᠢ ᠦᠨᠡᠨ ᠬᠦ᠌ ᠪᠡᠶᠡᠯᠡᠭᠦᠯᠵᠦ᠍ ᠴᠢᠳᠠᠨ᠎ᠠ》 ᠭᠡᠵᠦ 12 ᠰᠠᠷ᠎ᠠ ᠶ᠋ᠢᠨ 11᠎ᠦ ᠡᠳᠦᠷ᠂ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ ᠎ᠦᠨ ᠨᠠᠮ᠎ᠤᠨ ᠤᠳᠤᠷᠢᠳᠭᠤ ᠳᠤᠭᠤᠢᠯᠠᠩ ᠎ᠤᠨ ᠱᠦᠵᠢ᠂ ᠡᠷᠬᠢᠯᠡᠭ᠌ᠴᠢ ᠱᠢᠤᠢ ᠬᠣᠩ ᡁᠢ᠎ᠶ᠋ᠢ ᠰᠤᠷᠪᠤᠯᠵᠢᠯᠠᠬᠤ ᠳ᠋ᠦ ᠶᠠᠷᠢᠵᠦ ᠪᠠᠢᠯ᠎ᠠ᠃



ᠱᠢᠤᠢ ᠬᠣᠩ ᡁᠢ᠂ 《ᠬᠥᠮᠦᠨ᠎ᠢ ᠡᠷᠢᠵᠦ᠍ ᠤᠯᠬᠤ᠂ ᠬᠥᠮᠦᠨ᠎ᠢ ᠬᠠᠮᠢᠶᠠᠷᠴᠤ᠌ ᠳᠡᠢᠯᠬᠦ᠌᠂ ᠬᠥᠮᠦᠨ᠎ᠢ ᠰᠠᠢᠲᠤᠷ ᠵᠠᠰᠠᠬᠤ》᠂ ᠢᠯᠠᠩᠭᠤᠶ᠎ᠠ 《ᠬᠥᠮᠦᠨ᠎ᠢ ᠡᠷᠢᠵᠦ᠍ ᠤᠯᠬᠤ》 ᠪᠠ 《ᠬᠥᠮᠦᠨ᠎ᠢ ᠬᠠᠮᠢᠶᠠᠷᠴᠦ ᠲᠡᠢᠯᠬᠦ》ᠠᠵᠢᠯ᠎ᠢ ᠬᠢᠬᠦ ᠳ᠋ᠤ ᠪᠥᠬᠥ᠌ ᠬᠦᠮᠦᠰ᠎ᠤᠨ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ᠎ᠶ᠋ᠢ ᠦᠷᠭᠦᠯᠵᠢᠯᠡᠨ ᠲᠠᠰᠤᠷᠠᠯᠲᠠ ᠥᠬᠡᠶ ᠥᠷᠨᠢᠭᠦᠯᠵᠦ᠍᠂ ᠠᠷᠭ᠎ᠠ ᠴᠢᠨᠠᠷ ᠲᠠᠶ ᠬᠠᠯᠳᠠᠪᠤᠷᠢᠯᠠᠭ᠍ᠰᠠᠳ᠎ᠢ᠎ᠨᠢᠭᠡ᠎ᠶ᠋ᠢ ᠴᠦ᠍ ᠣᠷᠬᠢᠭ᠍ᠳᠠᠭᠤᠯᠬᠤ ᠥᠬᠡᠶ᠎ᠪᠡᠷ ᠪᠦᠬᠦᠨ᠎ᠢ ᠡᠷᠢᠵᠦ᠍ ᠭᠠᠷᠭᠠᠬᠤ ᠬᠡᠷᠡᠭ᠌ᠲᠡᠶ᠃᠎ᠲᠥᠪᠯᠡᠷᠡᠭᠦᠯᠦᠨ᠎ᠲᠤᠰᠠᠭᠠᠷᠯᠠᠬᠤ᠎ᠴᠡᠭ᠂᠎ᠬᠡᠷ᠎ᠲᠡᠬᠡᠨ᠎ᠲᠤᠰᠠᠭᠠᠷᠯᠠᠭ᠍ᠰᠠᠳ᠎ᠢ ᠪᠦᠲᠦᠮᠵᠢᠲᠡᠶ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠴᠢᠩᠭ᠎ᠠ ᠬᠡᠷᠡᠭ᠌ᠵᠢᠭᠦᠯᠵᠦ᠍᠂ ᠨᠢᠭ᠍ᠲᠠ ᠤᠢᠷᠠᠳᠤᠬᠴᠢ᠂ ᠳᠡᠮ ᠤᠢᠷᠠᠳᠤᠬᠴᠢ᠎ᠶ᠋ᠢ ᠦᠨᠡᠨ ᠬᠦ᠌ ᠬᠠᠮᠢᠶᠠᠷᠴᠤ᠌ ᠴᠢᠳᠠᠪᠠᠯ ᠬᠢᠵᠢᠭ᠎ᠦᠨ ᠪᠠᠢᠳᠠᠯ ᠰᠠᠶᠢ ᠭᠠᠳᠠᠭ᠍ᠰᠢ ᠳᠡᠯᠭᠡᠷᠡᠬᠦ᠌ ᠥᠬᠡᠶ ᠪᠠᠢᠵᠤ ᠴᠢᠳᠠᠨ᠎ᠠ ᠭᠡᠵᠦ ᠲᠠᠨᠢᠯᠴᠠᠭᠤᠯᠪᠠ᠃


QQ截图20211212220923.jpg


ᠣᠳᠣᠬᠠᠨ ᠎ᠤ ᠪᠠᠢᠳᠠᠯ᠎ᠠᠴᠠ ᠦᠵᠡᠪᠡᠯ᠂ ᠮᠠᠨᠵᠤᠤᠷ᠎ᠲᠤ ᠣᠨᠣᠱᠢᠯᠠᠭ᠍ᠳᠠᠭ᠍ᠰᠠᠨ ᠡᠪᠡᠳᠴᠢᠲᠡᠨ᠎ᠦ ᠨᠠᠰᠤᠨ᠎ᠤ ᠵᠦᠷᠢᠶ᠎ᠡ ᠶᠡᠬᠡ᠂ ᠬᠠᠮᠤᠭ᠎ᠤᠨ ᠪᠠᠭ᠎ᠠ᠎ᠨᠢ 3 ᠰᠠᠷ᠎ᠠ ᠲᠠᠢ᠂ ᠬᠠᠮᠤᠭ ᠎ᠤᠨ ᠶᠡᠬᠡ᠎ᠨᠢ100 ᠨᠠᠰᠤᠲᠠᠶ ᠨᠠᠰᠤᠲᠠᠨ ᠪᠣᠯᠤᠨ᠎ᠠ᠂ ᠡᠭᠦᠨ᠎ᠳᠦ 60 ᠨᠠᠰᠤᠨ᠎ᠠᠴᠠ ᠳᠡᠭᠡᠭ᠌ᠰᠢᠬᠢ ᠡᠪᠡᠳᠴᠢᠲᠡᠨ 85 ᠪᠣᠶ᠃ ᠬᠡᠦᠬᠡᠳ ᠡᠪᠡᠳᠴᠢᠲᠡᠨ᠎ᠦ ᠬᠠᠷᠢᠴᠠᠯ ᠨᠡᠯᠢᠶᠡᠳ ᠥᠨᠳᠥᠷ᠂ 14 ᠨᠠᠰᠤᠨ᠎ᠠᠴᠠ ᠪᠠᠭ᠎ᠠ ᠬᠡᠦᠬᠡᠳ 49 ᠪᠤᠢ᠃ 60 ᠨᠠᠰᠤᠨ᠎ᠠᠴᠠ ᠳᠡᠭᠡᠭ᠌ᠰᠢᠬᠢ ᠬᠦᠨᠳᠦ ᠡᠪᠡᠳᠴᠢᠲᠡᠨ᠎ᠦ ᠬᠠᠷᠢᠴᠠᠯ ᠨᠡᠯᠢᠶᠡᠳ ᠶᠡᠬᠡ᠂ ᠬᠦᠨᠳᠦ ᠡᠪᠡᠳᠴᠢᠲᠡᠨ᠎ᠦ ᠳᠣᠲᠣᠷ᠎ᠠ ᠸᠠᠺᠼᠢᠨ ᠳᠠᠷᠢᠭᠤᠯᠤᠭ᠍ᠰᠠᠨ᠎ᠥᠬᠡᠶ ᠬᠠᠷᠢᠴᠠᠯ ᠨᠡᠯᠢᠶᠡᠳ ᠥᠨᠳᠥᠷ᠃ ᠡᠪᠡᠳᠴᠢᠨ᠎ᠦ ᠵᠢᠱ᠌ᠢᠶ᠎ᠡ᠎ᠳᠦ ᠣᠨᠴᠠᠭᠠᠢ ᠪᠠᠢᠳᠠᠯ ᠲᠠᠢ ᠨᠢ ᠨᠡᠯᠢᠶᠡᠳ ᠣᠯᠠᠨ᠂ ᠵᠢᠱ᠌ᠢᠶᠡᠯᠡᠪᠡᠯ ᠵᠢᠷᠮᠦᠰᠦᠨ ᠡᠮᠡᠭ᠌ᠲᠡᠢ᠂ ᠬᠥᠩᠭᠡᠵᠢᠭ᠌ᠰᠡᠨ ᠡᠮᠡᠭ᠌ᠲᠡᠢ᠂ ᠥᠮᠡᠨ ᠡᠪᠡᠳᠴᠢᠳᠡᠨ᠂ ᠵᠢᠷᠦᠬᠡ ᠲᠠᠷᠢᠬᠢ ᠴᠢᠰᠤᠨ ᠰᠤᠳᠠᠯ᠎ᠤᠨ ᠡᠪᠡᠳᠴᠢᠳᠡᠨ ᠪᠠ ᠮᠡᠳᠡᠷᠡᠯ᠎ᠦᠨ ᠡᠪᠡᠳᠴᠢᠲᠡᠨ ᠵᠡᠷᠭᠡ ᠪᠤᠢ᠃

《ᠪᠢᠳᠡ᠎ᠤᠯᠤᠰ᠎ᠤᠨ ᠨᠠᠶ᠋ᠮᠠᠳᠤᠭᠠᠷ ᠬᠡᠪᠯᠡᠯ᠎ᠦᠨ ᠣᠨᠣᠱᠢᠯᠠᠨ ᠡᠮᠨᠡᠬᠦ᠌ ᠵᠢᠷᠤᠮᠵᠢᠯ ᠶᠣᠰᠣᠭᠠᠷ᠂ ᠨᠢᠭᠡ ᠬᠥᠮᠦᠨ᠎ᠳᠦ ᠨᠢᠭᠡ ᠠᠷᠭ᠎ᠠ ᠪᠣᠳᠣᠯᠭ᠎ᠠ ᠬᠡᠷᠡᠭ᠌ᠵᠢᠭᠦᠯᠵᠦ᠍᠂ ᠣᠨᠴᠠᠭᠠᠢᠯᠠᠨ ᠬᠦᠨᠳᠦ ᠡᠪᠡᠳᠴᠢᠲᠡᠨ᠎ᠳᠦ ᠨᠢᠭᠡ ᠬᠥᠮᠦᠨ᠎ᠳᠦ ᠨᠢᠭᠡ ᠲᠥᠰᠦᠯ ᠬᠡᠷᠡᠭ᠌ᠵᠢᠭᠦᠯᠵᠦ᠍᠂ ᠤᠯᠤᠰ᠎ᠤᠨ ᠲᠤᠰᠭᠠᠶ ᠮᠡᠷᠭᠡᠵᠢᠯᠲᠡᠨ᠎ᠦ ᠳᠤᠭᠤᠢᠯᠠᠩ᠎ᠤᠨ ᠵᠢᠯᠣᠭᠣᠳᠣᠯᠭ᠎ᠠ ᠪᠡᠷ ᠪᠥᠬᠥ᠌ ᠬᠦᠴᠦᠨ ᠵᠢᠡᠨ ᠲᠦᠪᠯᠡᠷᠡᠬᠦᠯᠦᠨ ᠡᠮᠴᠢᠯᠡᠵᠦ ᠪᠠᠢᠨ᠎ᠠ》 ᠭᠡᠵᠦ᠍ ᠱᠢᠤᠢ ᠬᠣᠩ ᡁᠢ ᠬᠡᠯᠡᠪᠡ᠃

ᠱᠢᠤᠢ ᠬᠣᠩ ᡁᠢ ᠡᠮᠴᠢᠯᠡᠭᠡᠨ᠎ᠦ ᠪᠠᠢᠭᠤᠯᠤᠮᠵᠢ᠎ᠶ᠋ᠢᠨ ᠠᠱᠢᠭ᠍ᠯᠠᠯᠲᠠ ᠵᠢᠨ ᠲᠠᠯ᠎ᠠ ᠡᠴᠡ ᠢᠯᠡᠷᠬᠡᠢᠯᠡᠬᠦ᠌᠎ᠳᠡᠭᠡᠨ᠂ ᠮᠠᠨᠵᠤᠤᠷ ᠬᠣᠲᠠ ᠨᠢᠭᠡᠨ ᠨᠡᠭᠦᠷᠡᠰᠦᠨ ᠠᠭᠤᠷᠬᠠᠶ᠎ᠶ᠋ᠢᠨ ᠡᠮᠨᠡᠯᠭᠡ᠎ᠶ᠋ᠢᠨ ᠬᠣᠷᠢᠶ᠎ᠠ᠎ᠶ᠋ᠢ ᠥᠭᠡᠷᠡᠴᠢᠯᠡᠨ ᠪᠠᠢᠭᠤᠯᠤᠭᠠᠳ ᠪᠠᠢᠬᠰᠠᠨ᠎ᠢ ᠲᠣᠰ ᠤᠳᠠᠭᠠᠨ᠎ᠤ ᠡᠮᠴᠢᠯᠡᠬᠡᠨ ᠳ᠋ᠦ ᠠᠰᠢᠬᠯᠠᠵᠦ᠂ ᠨᠡᠢᠲᠡ 2 ᠪᠡᠯᠡᠳᠭᠡᠯ ᠡᠮᠨᠡᠯᠭᠡ᠎ᠶ᠋ᠢᠨ ᠬᠣᠷᠢᠶ᠎ᠠ᠎ᠶ᠋ᠢ ᠠᠰᠢᠬᠯᠠᠪᠠ᠃ ᠪᠠᠰᠠ 2 ᠡᠷᠡᠭᠦᠯᠵᠢᠯ᠎ᠦᠨ ᠡᠮᠨᠡᠯᠭᠡ᠎ᠶ᠋ᠢᠨ ᠬᠣᠷᠢᠶ᠎ᠠ᠎ᠶ᠋ᠢ ᠥᠭᠡᠷᠡᠴᠢᠯᠡᠨ ᠪᠠᠢᠭᠤᠯᠵᠤ᠂ ᠡᠳᠡᠭᠡᠷᠡᠵᠦ᠍ ᠡᠮᠨᠡᠯᠭᠡ ᠡᠴᠡ᠎ᠭᠠᠷᠤᠭ᠍ᠰᠠᠨ᠎ᠡᠪᠡᠳᠴᠢᠲᠡᠨ᠎ᠤ᠎ᠬᠣᠢᠱᠢᠳᠠ᠎ᠶ᠋ᠢᠨ᠎ᠡᠷᠡᠭᠦᠯᠵᠢᠯ᠎ᠦᠨ ᠡᠮᠴᠢᠯᠡᠭᠡ ᠳ᠋ᠦ ᠬᠡᠷᠡᠭᠯᠡᠪᠡ᠃ ᠨᠡᠢᠲᠡ 5 ᠡᠮᠴᠢᠯᠡᠭᠡᠨ᠎ᠦ ᠪᠠᠢᠭᠤᠯᠤᠮᠵᠢ ᠵᠢ ᠡᠮᠴᠢᠯᠡᠵᠦ ᠠᠪᠤᠷᠠᠨ ᠵᠠᠰᠠᠬᠤ ᠠᠵᠢᠯ᠎ᠳᠤ ᠬᠡᠷᠡᠭᠯᠡᠵᠠᠢ ᠭᠡᠪᠡ᠃

ᠱᠢᠤᠢ ᠬᠣᠩ ᡁᠢ᠂ ᠤᠯᠤᠰ᠎ᠠᠴᠠ ᠡᠨᠡ ᠤᠳᠠᠭᠠᠨ᠎ᠤ ᠮᠠᠨᠵᠤᠤᠷ᠎ᠤᠨ ᠬᠢᠵᠢᠭ᠎ᠦᠨ ᠪᠠᠢᠳᠠᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠤᠯᠤᠰ᠎ᠤᠨ ᠵᠢᠯᠣᠭᠣᠳᠭᠤ ᠳᠤᠭᠤᠢᠯᠠᠩ ᠲᠡᠷᠡ ᠳᠠᠷᠤᠶ᠎ᠳᠤᠨᠢ ᠮᠠᠨᠵᠤᠤᠷ᠎ᠲᠤ ᠬᠦᠷᠴᠦ᠍᠂ ᠱᠢᠯᠢᠳᠡᠭ ᠲᠤᠰᠭᠠᠶ ᠮᠡᠷᠭᠡᠵᠢᠯᠲᠡᠨ᠎ᠢ ᠴᠤᠭ᠍ᠯᠠᠭᠤᠯᠤᠨ ᠡᠮᠴᠢᠯᠡᠭᠡᠨ᠎ᠦ ᠵᠢᠯᠣᠭᠣᠳᠣᠯᠭ᠎ᠠ ᠬᠢᠯᠭᠡᠪᠠ᠃ ᠥᠪᠡᠷᠲᠡᠭᠡᠨ ᠵᠠᠰᠠᠬᠤ ᠣᠷᠣᠨ᠎ᠤ ᠡᠯ᠎ᠡ ᠠᠢᠮᠠᠭ ᠬᠣᠲᠠ ᠴᠤ᠌ ᠡᠮᠴᠢᠯᠡᠭᠡᠨ᠎ᠦ ᠠᠩᠭᠢ ᠲᠣᠮᠢᠯᠠᠨ ᠲᠤᠰᠠᠯᠠᠵᠤ᠂ ᠨᠡᠢᠲᠡ 2000 ᠭᠠᠷᠤᠶ ᠡᠮᠴᠢ ᠰᠤᠪᠢᠯᠠᠭ᠍ᠴᠢ ᠎ᠮᠠᠨᠵᠤᠤᠷ ᠎ᠲᠤ ᠎ᠬᠦᠷᠴᠦ ᠎ᠠᠪᠤᠷᠠᠨ ᠎ᠵᠠᠰᠠᠬᠤ ᠎ᠠᠵᠢᠯ ᠎ᠥᠷᠨᠢᠭᠦᠯᠦᠭᠰᠡᠨ ᠭᠡᠵᠦ ᠲᠠᠨᠢᠯᠴᠠᠭᠤᠯᠵᠠᠢ᠃

ᠱᠢᠤᠢ ᠬᠣᠩ ᡁᠢ ᠬᠢᠯᠢ᠎ᠶ᠋ᠢᠨ ᠪᠣᠭᠣᠮᠲᠠ᠎ᠶ᠋ᠢᠨ ᠬᠢᠵᠢᠭ᠎ᠦᠨ ᠪᠠᠢᠳᠠᠯ᠎ᠤᠨ ᠰᠡᠷᠭᠡᠢᠯᠡᠨ ᠡᠵᠡᠮᠳᠡᠬᠦ᠌ ᠠᠵᠢᠯ᠎ᠢ ᠭᠤᠤᠯᠳᠠᠯᠭ᠎ᠠ᠎ᠲᠠᠶ ᠲᠠᠨᠢᠯᠴᠠᠭᠤᠯᠪᠠ᠃ ᠲᠡᠷᠡ᠂ ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌ ᠲᠣᠭ᠍ᠲᠠᠴᠠ᠎ᠶ᠋ᠢᠨ ᠲᠣᠭ᠍ᠲᠠᠭᠠᠭ᠍ᠰᠠᠨ ᠬᠢᠯᠢ᠎ᠶ᠋ᠢᠨ ᠪᠣᠭᠣᠮᠲᠠ᠎ᠶ᠋ᠢᠨ ᠰᠡᠷᠭᠡᠢᠯᠡᠨ ᠡᠵᠡᠮᠳᠡᠬᠦ᠌ ᠬᠣᠯᠪᠣᠭ᠍ᠳᠠᠯ ᠪᠦᠬᠦᠢ ᠲᠥᠰᠦᠯ᠎ᠢ ᠴᠢᠩᠭ᠎ᠠ ᠵᠢᠷᠤᠮᠯᠠᠨ ᠬᠡᠷᠡᠭ᠌ᠵᠢᠭᠦᠯᠬᠦ᠌ ᠬᠡᠷᠡᠭ᠌ᠲᠡᠢ᠃ ᠪᠣᠭᠣᠮᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠲᠤᠰᠭᠠᠶ ᠠᠩᠭᠢ ᠪᠠᠢᠭᠤᠯᠵᠤ ᠂ ᠨᠢᠭᠡ ᠪᠣᠭᠣᠮᠲᠠ ᠨᠢᠭᠡ ᠲᠤᠰᠭᠠᠶ ᠠᠩᠭᠢ᠂ ᠨᠢᠭᠡ ᠪᠣᠭᠣᠮᠲᠠ ᠨᠢᠭᠡ ᠠᠷᠭᠠᠴᠠᠭᠠᠬᠤ ᠪᠣᠳᠣᠯᠭ᠎ᠠ᠎ᠶ᠋ᠢ ᠪᠡᠶᠡᠯᠡᠭᠦᠯᠵᠦ᠍᠂ ᠲᠤᠰᠭᠠᠶ ᠠᠩᠭᠢ ᠨᠢ ᠪᠣᠭᠣᠮᠲᠠ᠎ᠳᠤ ᠣᠷᠣᠵᠤ ᠰᠠᠭᠤᠨ᠂ ᠪᠣᠭᠣᠮᠲᠠ᠎ᠶ᠋ᠢᠨ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠬᠤ ᠬᠡᠷᠡᠭ᠌ᠲᠡᠶ᠃ ᠪᠣᠭᠣᠮᠲᠠ᠎ᠶ᠋ᠢᠨ ᠬᠥᠮᠦᠨ᠂ ᠪᠠᠷᠠᠭᠠᠨ᠎ᠤ ᠪᠢᠲᠡᠭᠦᠮᠵᠢᠯᠡᠭ᠌ᠰᠡᠨ ᠬᠠᠮᠢᠶᠠᠷᠤᠯᠲᠠ᠎ᠶ᠋ᠢᠨ ᠵᠠᠩᠭᠢᠯᠠᠭ᠎ᠠ ᠵᠢᠨ ᠴᠡᠭ᠎ᠢ ᠤᠯᠠᠮ ᠨᠢᠭᠡ ᠠᠯᠬᠤᠮ ᠴᠢᠩᠭᠠᠳᠭᠠᠵᠤ᠂ ᠡᠳᠡᠭᠡᠷ ᠠᠷᠭ᠎ᠠ ᠬᠡᠮᠵᠢᠶ᠎ᠡ᠎ᠶ᠋ᠢ ᠯᠠᠪᠳᠠᠭᠤᠨ ᠪᠠᠲᠤᠲᠠᠶ ᠨᠠᠢᠳᠠᠪᠤᠷᠢᠵᠢᠭᠤᠯᠬᠤ ᠬᠡᠷᠡᠭ᠌ᠲᠡᠶ᠃ ᠪᠣᠭᠣᠮᠲᠠ᠎ᠶ᠋ᠢᠨ ᠭᠠᠵᠠᠷ ᠣᠷᠣᠨ᠎ᠳᠤ ᠪᠠᠷᠠᠭ᠎ᠠ ᠲᠡᠭᠡᠭᠡᠪᠦᠷᠢᠯᠡᠬᠦ᠌᠂ ᠡᠳ᠋ᠱᠢᠭᠦᠯᠵᠦ᠍᠎ᠦᠢᠯᠡᠳᠪᠦᠷᠢᠯᠡᠬᠦ᠌᠎ᠠᠵᠢᠯ᠎ᠬᠢᠵᠦ᠍ ᠪᠠᠢᠭ᠎ᠠ ᠬᠥᠮᠦᠰ᠎ᠢ ᠳᠠᠩᠰᠠᠯᠠᠵᠦ᠍᠂ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠍᠂ ᠪᠥᠭᠡᠮ ᠬᠦᠴᠢᠯ᠎ᠦᠨ ᠰᠢᠯᠭᠠᠨ ᠪᠠᠢᠴᠠᠭᠠᠯᠲᠡ ᠢᠯᠡᠬᠦᠬᠡᠨ ᠬᠢᠬᠦ ᠬᠡᠷᠡᠭ᠌ᠲᠡᠶ᠃ ᠪᠣᠭᠣᠮᠲᠠ᠎ᠶ᠋ᠢᠨ ᠬᠥᠮᠦᠰ᠎ᠦᠨ ᠨᠡᠭᠦᠳᠡᠯ ᠬᠠᠮᠢᠶᠠᠷᠤᠯᠲᠠ᠎ᠶ᠋ᠢ ᠴᠢᠩᠭᠠᠳᠭᠠᠵᠤ᠂ ᠢᠷᠡᠵᠦ᠍ ᠪᠤᠴᠠᠬᠤ ᠬᠥᠮᠦᠰ 48 ᠴᠠᠭ᠎ᠤᠨ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ᠎ᠶ᠋ᠢᠨ ᠪᠢᠯᠢᠭ ᠴᠢᠨᠠᠷ᠎ᠤᠨ ᠭᠡᠷᠡᠴᠢ ᠪᠠᠢᠬᠤ ᠬᠡᠷᠡᠭ᠌ᠲᠡᠶ᠃ ᠬᠢᠵᠢᠭ᠎ᠦᠨ ᠪᠠᠢᠳᠠᠯ ᠢᠯᠡᠷᠡᠮᠡᠭ᠌ᠴᠡ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠬᠢᠨ ᠴᠠᠭ ᠲᠤᠬᠠᠢ᠎ᠳᠤᠨᠢ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ ᠬᠢᠬᠦ᠌᠂ ᠲᠤᠰᠠᠭᠠᠷᠯᠠᠨ ᠠᠵᠢᠭ᠍ᠯᠠᠬᠤ ᠵᠡᠷᠭᠡ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠵᠦ᠍᠂ ᠠᠷᠭ᠎ᠠ ᠴᠢᠨᠠᠷ ᠲᠠᠢ ᠬᠠᠯᠳᠠᠪᠤᠷᠢᠯᠠᠭ᠍ᠰᠠᠳ᠎ᠢ ᠴᠠᠭ ᠲᠤᠬᠠᠢ᠎ᠳᠤᠨᠢ ᠢᠯᠡᠷᠡᠭᠦᠯᠵᠦ᠍᠂ ᠬᠠᠯᠳᠠᠪᠤᠷᠢᠯᠠᠬᠤ ᠬᠡᠪᠴᠢᠶ᠎ᠡ᠎ᠵᠢ ᠪᠠᠭᠠᠰᠭᠠᠬᠤ ᠬᠡᠷᠡᠭ᠌ᠲᠡᠢ᠃ ᠬᠢᠯᠢ᠎ᠶ᠋ᠢᠨ ᠪᠣᠭᠣᠮᠲᠠ ᠶ᠋ᠢᠨ ᠭᠠᠵᠠᠷ ᠣᠷᠣᠨ᠎ᠤ ᠪᠠᠴᠢᠮ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ ᠬᠡᠷᠡᠭᠳᠡᠢ᠃ ᠬᠦᠯᠳᠡᠬᠦᠦ ᠪᠠ ᠬᠦᠯᠳᠡᠬᠦᠦ ᠪᠤᠰᠤ ᠢᠳᠡᠭᠡᠨ᠂ ᠡᠳ᠋ ᠪᠣᠳᠠᠰ᠎ᠤᠨ ᠬᠠᠮᠢᠶᠠᠷᠤᠯᠳᠠ᠎ᠶ᠋ᠢ ᠴᠢᠩᠭᠠᠳᠭᠠᠵᠤ᠂ ᠬᠢᠯᠢ᠎ᠳᠦ ᠣᠷᠣᠭᠤᠯᠬᠤ᠂ ᠬᠥᠮᠥᠷᠭᠡᠯᠡᠨ ᠬᠠᠳᠠᠭᠠᠯᠠᠬᠤ᠂ ᠲᠡᠭᠡᠭᠡᠪᠦᠷᠢᠯᠡᠬᠦ᠌᠂ ᠡᠳ᠋ᠱᠢᠭᠦᠯᠬᠦ᠂ ᠪᠣᠷᠣᠯᠠᠭᠤᠯᠬᠤ ᠵᠡᠷᠭᠡ ᠭᠣᠭ᠍ᠴᠣᠭ᠎ᠠ ᠎ᠶ᠋ᠢᠨ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠬᠤ ᠬᠡᠷᠡᠭ᠌ᠲᠡᠶ᠃ ᠪᠤᠢ ᠪᠦᠬᠦᠢ ᠪᠣᠭᠣᠮᠲᠠ᠎ᠶ᠋ᠢᠨ ᠭᠠᠵᠠᠷ ᠣᠷᠣᠨ᠎ᠳᠤ 12 ᠰᠠᠷ᠎ᠠ᠎ᠶ᠋ᠢᠨ ᠳᠤᠮᠳᠠᠴᠢ᠎ᠪᠠᠷ ᠨᠢᠭᠡ ᠤᠳᠠᠭᠠᠨ᠎ᠤ ᠪᠠᠴᠢᠮ ᠪᠠᠢᠳᠠᠯ᠎ᠢ ᠠᠷᠭᠠᠴᠠᠭᠠᠬᠤ ᠰᠣᠷᠢᠯᠲᠠ ᠬᠢᠨ᠎ᠡ ᠭᠡᠵᠦ ᠢᠯᠡᠷᠡᠭᠡᠢᠯᠡᠭᠰᠡᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面