ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2021-12-15 10:03:30

ᠵᠣᠬᠢᠶᠠᠭ᠍ᠴᠢ᠄ ᠳᠠᠳᠤᠯᠭ᠎ᠠ᠎ᠶ᠋ᠢᠨ ᠰᠤᠷᠪᠤᠯᠵᠢᠯᠠᠭ᠍ᠴᠢ ᠮᠧᠶ ᠭᠠᠩ ᠰᠤᠷᠪᠤᠯᠵᠢᠯᠠᠭ᠍ᠴᠢ ᠢᠳᠡᠷᠡᠬᠦᠨ ᠣᠩᠱᠢᠭ᠍ᠰᠠᠨ ᠣᠳᠠᠭ᠎ᠠ᠄ 3

12 ᠰᠠᠷ᠎ᠠ᠎ᠶ᠋ᠢᠨ 14᠎ᠤ᠋ ᠦᠳᠡ᠎ᠳᠦ᠂ ᠮᠠᠨᠵᠤᠤᠷ ᠬᠣᠲᠠ᠎ᠶ᠋ᠢᠨ ᠨᠢᠭᠡᠨ ᠪᠠᠭᠤᠳᠠᠯ᠎ᠤᠨ ᠳᠥᠷᠪᠡᠳᠦᠭᠡᠷ ᠳᠠᠪᠬᠤᠷᠯᠢᠭ᠎ᠲᠤ᠂ ᠴᠡᠷᠢᠭ᠎ᠡᠴᠡ ᠬᠠᠯᠠᠭ᠍ᠳᠠᠭ᠍ᠴᠢ ᠸᠠᠩ ᠺᠦᠨ 3 ᠳᠠᠢᠴᠢᠨ ᠨᠦᠬᠦᠳ᠎ᠲᠠᠶ᠎ᠪᠠᠨ ᠴᠠᠬᠢᠯᠭᠠᠨ ᠱᠠᠲᠤᠨ᠎ᠤ ᠡᠭᠦᠳᠡ᠂ ᠠᠰᠠᠷ᠎ᠤᠨ ᠬᠣᠩᠭᠢᠯ᠎ᠳᠤ ᠰᠦᠯᠢᠶᠣᠣ ᠪᠦᠷᠬᠦᠭᠦᠯ ᠳᠡᠪᠢᠰᠭᠦ᠎ᠶ᠋ᠢᠨ ᠬᠠᠮᠲᠤ ᠲᠤᠰᠠᠭᠠᠷᠯᠠᠬᠤ ᠬᠥᠮᠦᠰ᠎ᠦᠨ ᠨᠡᠪᠳᠡᠷᠡᠬᠦ ᠵᠠᠮ᠎ᠢ ᠴᠡᠪᠡᠷᠯᠡᠵᠦ᠍ ᠪᠠᠢᠯ᠎ᠠ᠃

《ᠪᠢᠳᠡᠨ᠎ᠦ ᠡᠭᠦᠷᠭᠡ ᠪᠣᠯ ᠲᠤᠰᠠᠭᠠᠷᠯᠠᠬᠤ ᠵᠣᠴᠢᠳ᠎ᠤᠨ ᠪᠠᠭᠤᠳᠠᠯ᠎ᠳᠤ ᠬᠠᠮᠠᠭᠠᠯᠠᠯᠲᠠ ᠬᠢᠵᠦ᠍᠂ ᠠᠮᠢᠳᠤᠷᠠᠯ᠎ᠤᠨ ᠲᠣᠭᠣᠷᠢᠭ ᠪᠠ ᠲᠤᠰᠠᠭᠠᠷᠯᠠᠬᠤ ᠲᠣᠭᠣᠷᠢᠭ᠎ᠤᠨ ᠴᠠᠬᠢᠯᠭᠠᠨ ᠱᠠᠲᠤ᠂ ᠠᠰᠠᠷ᠎ᠤᠨ ᠬᠣᠩᠭᠢᠯ᠎ᠤᠨ ᠥᠩᠭᠡᠷᠡᠬᠦ᠌ ᠵᠠᠮ ᠵᠡᠷᠭᠡ ᠵᠠᠮ᠎ᠢ ᠪᠢᠲᠡᠭᠦᠮᠵᠢᠯᠡᠵᠦ᠍᠂ ᠲᠤᠰᠠᠭᠠᠷᠯᠠᠬᠤ ᠬᠥᠮᠦᠰ᠎ᠲᠦ ᠠᠮᠤᠷ ᠲᠦᠪᠱᠢᠨ ᠠᠮᠢᠳᠤᠷᠠᠯ᠎ᠤᠨ ᠣᠷᠴᠢᠨ ᠲᠣᠭᠣᠷᠢᠨ ᠬᠠᠩᠭᠠᠬᠤ ᠶᠠᠪᠤᠳᠠᠯ ᠪᠤᠯᠤᠨ᠎ᠠ》᠃ ᠲᠤᠬᠠᠶ᠎ᠶ᠋ᠢᠨ ᠡᠳᠦᠷ᠂ ᠸᠠᠩ ᠺᠦᠨ ᠳᠠᠢᠴᠢᠨ ᠨᠥᠬᠥᠳ᠎ᠲᠡᠶ᠎ᠪᠡᠨ ᠲᠦᠷᠪᠡᠳ᠋ᠤᠭᠡᠷ ᠳᠠᠪᠬᠤᠷᠯᠢᠭ᠎ᠡᠴᠡ ᠠᠷᠪᠠᠨ ᠨᠢᠬᠡᠳ᠋ᠤᠭᠡᠷ ᠳᠠᠪᠬᠤᠷᠯᠢᠭ ᠬᠦᠷᠲᠡᠯ᠎ᠡ᠂ ᠨᠡᠢᠲᠡ 2000 ᠭᠠᠷᠤᠶ ᠲᠡᠭ᠌ᠰᠢ ᠳᠥᠷᠪᠡᠯᠵᠢᠨ ᠮᠧᠲ᠋ᠷ᠎ᠤᠨ ᠰᠦᠯᠢᠶᠣᠣ ᠪᠦᠷᠬᠦᠭᠦᠯ ᠳᠡᠪᠢᠰᠪᠡ᠃

12 ᠰᠠᠷ᠎ᠠ᠎ᠶ᠋ᠢᠨ 9 ᠤ᠋ ᠡᠳᠦᠷ᠂ ᠮᠠᠨᠵᠤᠤᠷ᠎ᠤᠨ ᠵᠢᠶᠠ ᠷᠦᠨ ᠬᠡᠷ ᠭᠠᠵᠠᠷ᠎ᠤᠨ ᠬᠥᠷᠥᠩᠭᠡ᠎ᠶ᠋ᠢᠨ ᠨᠡᠭᠡᠭᠡᠯᠲᠡ᠎ᠶ᠋ᠢᠨ ᠺᠣᠮᠫᠠᠨᠢ ᠰᠠᠨᠠᠭᠠᠴᠢᠯᠠᠭ᠎ᠠ ᠨᠡᠢᠲᠡᠯᠡᠵᠦ᠍᠂ ᠺᠣᠮᠫᠠᠨᠢ᠎ᠶ᠋ᠢᠨ ᠵᠢᠡᠨ ᠴᠡᠷᠢᠭ᠎ᠡᠴᠡ ᠬᠠᠯᠠᠭ᠍ᠳᠠᠭ᠍ᠰᠠᠳ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠳᠤ ᠢᠳᠡᠪᠬᠢᠲᠡᠶ ᠣᠷᠣᠯᠴᠠᠬᠤ᠎ᠶ᠋ᠢ ᠤᠷᠢᠶᠠᠯᠠᠪᠠ᠃ ᠲᠤᠰ ᠡᠳᠦᠷ᠂ ᠴᠡᠷᠢᠭ᠎ᠡᠴᠡ ᠬᠠᠯᠠᠭ᠍ᠳᠠᠭ᠍ᠴᠢ ᠰᠦᠨ ᠱᠸ᠋ ᠪᠦᠦ 10 ᠨᠦᠬᠦᠳ᠎ᠢᠶᠡᠨ ᠳᠠᠭᠠᠭᠤᠯᠤᠨ ᠴᠡᠷᠢᠭ᠎ᠡᠴᠡ ᠬᠠᠯᠠᠭ᠍ᠳᠠᠭ᠍ᠰᠠᠳ᠎ᠤᠨ ᠭᠠᠪᠱᠢᠭᠠᠢ ᠠᠩᠬᠢ ᠪᠠᠢᠭᠤᠯᠵᠤ᠂ ᠮᠠᠨᠵᠤᠤᠷ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠪᠠᠴᠢᠮ ᠲᠤᠰᠠᠯᠠᠪᠠ᠃ ᠮᠣᠷᠳᠠᠬᠤ᠎ᠡᠴᠡ ᠡᠮᠦᠨ᠎ᠡ᠂ ᠺᠣᠮᠫᠠᠨᠢ᠎ᠶ᠋ᠢᠨ ᠬᠠᠷᠢᠭᠤᠴᠠᠯᠭᠠᠲᠠᠨ ᠡᠴᠡ ᠭᠠᠪᠰᠢᠭᠠᠢ ᠠᠩᠬᠢ ᠵᠢᠨ ᠪᠦᠬᠦ᠌ ᠭᠡᠱᠢᠭᠦᠳ᠎ᠢ ᠴᠡᠷᠢᠭ ᠬᠥᠮᠦᠨ᠎ᠦ ᠤᠤᠷ ᠴᠢᠨᠠᠷ᠎ᠢᠶᠠᠨ ᠪᠠᠳᠠᠷᠠᠭᠤᠯᠵᠤ᠂᠎ᠡᠯ᠎ᠡ ᠵᠦᠢᠯ᠎ᠦᠨ ᠡᠭᠦᠷᠭᠡ᠎ᠪᠡᠨ ᠡᠷᠡᠰ ᠪᠡᠶᠡᠯᠡᠭᠦᠯᠬᠦ᠌ ᠬᠡᠷᠡᠭ᠌ᠲᠡᠢ ᠭᠡᠵᠦ᠍ ᠱᠠᠭᠠᠷᠳᠠᠪᠠ᠃

10 ᠬᠦᠮᠦᠨ᠎ᠢᠶᠠᠷ ᠪᠦᠷᠢᠯᠳᠦᠭ᠌ᠰᠡᠨ ᠴᠡᠷᠢᠭ᠎ᠡᠴᠡ ᠬᠠᠯᠠᠭ᠍ᠳᠠᠭ᠍ᠰᠠᠳ᠎ᠤᠨ ᠭᠠᠪᠱᠢᠭᠠᠢ ᠠᠩᠭᠢ᠎ᠶ᠋ᠢ ᠭᠤᠷᠪᠠᠨ ᠳᠤᠭᠤᠢᠯᠠᠩ ᠪᠣᠯᠭᠠᠨ ᠬᠤᠪᠢᠶᠠᠵᠤ᠂ ᠸᠠᠩ ᠺᠦᠨ 3 ᠳᠠᠢᠴᠢᠨ ᠨᠦᠬᠦᠷ ᠲᠠᠢ᠎ᠪᠡᠨ᠎ᠲᠤᠰᠠᠭᠠᠷᠯᠠᠬᠤ ᠵᠤᠴᠢᠳ᠎ᠤᠨ ᠪᠠᠭᠤᠳᠠᠯ᠎ᠤᠨ ᠬᠠᠮᠠᠭᠠᠯᠠᠯᠲᠠ᠎ᠶ᠋ᠢ ᠬᠠᠷᠢᠭᠤᠴᠠᠵᠤ᠂ ᠨᠥᠬᠥᠭᠡ ᠨᠢᠭᠡ ᠳᠤᠭᠤᠢᠯᠠᠩ ᠨᠢ ᠰᠠᠭᠤᠭᠠᠯᠢ ᠠᠷᠠᠳ᠎ᠤᠨ ᠲᠣᠭᠣᠷᠢᠭ᠎ᠤᠨ ᠠᠷᠢᠭᠤᠳᠭᠠᠬᠤ ᠠᠵᠢᠯ᠎ᠢ ᠬᠠᠷᠢᠭᠤᠴᠠᠵᠤ᠂ ᠪᠠᠰᠠ ᠨᠢᠭᠡ ᠳᠤᠭᠤᠢᠯᠠᠩ ᠨᠢ ᠰᠠᠭᠤᠭᠠᠯᠢ ᠠᠷᠠᠳ᠎ᠲᠤ ᠠᠮᠢᠳᠤᠷᠠᠯ ᠎ᠤᠨ ᠡᠳ᠋ ᠪᠣᠳᠠᠰ ᠵᠥᠭᠡᠭᠡᠪᠦᠷᠢᠯᠡᠨ ᠬᠦᠷᠭᠡᠵᠦ᠍ ᠥᠭᠬᠦ ᠠᠵᠢᠯ᠎ᠢ ᠬᠦᠢᠴᠡᠳᠬᠡᠪᠡ᠃

5 ᠡᠳᠦᠷ ᠳᠠᠷᠠᠭᠠᠯᠠᠨ᠂ ᠠᠩᠭᠢ᠎ᠶ᠋ᠢᠨ ᠳᠠᠷᠤᠭ᠎ᠠ ᠰᠦᠨ ᠱᠸ᠋ ᠪᠦᠦ᠎ᠶ᠋ᠢᠨ ᠳᠠᠭᠠᠭᠤᠯᠭ᠎ᠠ ᠪᠡᠷ᠂ ᠠᠩᠭᠢ᠎ᠶ᠋ᠢᠨ ᠭᠡᠱᠢᠭᠦᠳ ᠡᠷᠲᠡᠯᠡᠨ ᠤᠷᠤᠢᠯᠠᠵᠤ᠂ ᠪᠥᠬᠥ᠌ ᠬᠦᠴᠦᠨ᠎ᠢᠶᠡᠷ᠎ᠢᠶᠡᠨ ᠲᠡᠮᠡᠴᠡᠵᠦ᠍᠂ ᠨᠡᠢᠲᠡ 7 ᠲᠤᠰᠠᠭᠠᠷᠯᠠᠬᠤ ᠵᠤᠴᠢᠳ᠎ᠤᠨ ᠪᠠᠭᠤᠳᠠᠯ᠎ᠤᠨ ᠰᠡᠷᠭᠡᠢᠯᠡᠨ ᠬᠠᠮᠠᠭᠠᠯᠠᠬᠤ ᠠᠵᠢᠯ᠎ᠢ ᠪᠡᠶᠡᠯᠡᠭᠦᠯᠵᠦ᠍᠂ ᠬᠢᠵᠢᠭ᠎ᠲᠡᠶ ᠲᠡᠮᠡᠴᠡᠬᠦ᠌ ᠡᠮᠦᠨ᠎ᠡ ᠹᠷᠣᠨᠲ᠎ᠲᠤ ᠴᠡᠷᠢᠭ᠎ᠡᠴᠡ ᠬᠠᠯᠠᠭ᠍ᠳᠠᠭ᠍ᠰᠠᠳ᠎ᠤᠨ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠪᠡ᠃

《ᠬᠢᠵᠢᠭ ᠠᠷᠢᠯᠪᠠᠯ ᠰᠠᠶᠢ ᠡᠩᠨᠡᠭᠡ ᠪᠤᠴᠠᠵᠦ᠂ ᠪᠢᠳᠡ ᠬᠠᠷᠢᠨ᠎ᠠ》᠃ ᠬᠡᠳᠦᠢᠪᠡᠷ ᠴᠡᠷᠢᠭ ᠡᠴᠡ ᠬᠠᠯᠠᠬᠳᠠᠭ᠍ᠰᠠᠨ ᠪᠣᠯᠪᠠᠴᠤ᠌ ᠪᠢᠳᠡ ᠪᠣᠯ ᠬᠡᠵᠢᠶᠡᠳᠡ ᠴᠡᠷᠢᠭ ᠮᠥᠨ ᠭᠡᠵᠤ ᠸᠠᠩ ᠺᠦᠨ ᠬᠡᠯᠡᠨ᠎ᠠ᠃

ᠮᠠᠨᠵᠤᠤᠷ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠮᠦᠨ᠎ᠡ ᠹᠷᠣᠨᠲ᠎ᠲᠤ᠂ ᠮᠠᠰᠢ ᠣᠯᠠᠨ ᠴᠡᠷᠢᠭ᠎ᠡᠴᠡ ᠬᠠᠯᠠᠭ᠍ᠳᠠᠭ᠍ᠰᠠᠳ ᠪᠣᠳᠠᠲᠤ ᠠᠵᠢᠯᠯᠠᠭ᠎ᠠ᠎ᠪᠠᠷ᠎ᠢᠶᠠᠨ 《ᠪᠠᠢᠯᠳᠤᠬᠤ ᠪᠡᠷ ᠬᠡᠵᠢᠶᠡᠳᠡ ᠪᠡᠯᠡᠭᠡᠨ》 ᠲᠠᠩᠭᠠᠷᠢᠭ᠎ᠢᠶᠠᠨ ᠦᠶ᠋ᠯᠡᠳᠦᠯᠭᠡᠵᠢᠭᠦᠯᠵᠦ᠍ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面