ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2021-12-15 10:00:18

ᠵᠣᠬᠢᠶᠠᠭ᠍ᠴᠢ᠄ ​ᠳᠠᠳᠤᠯᠭ᠎ᠠ᠎ᠶ᠋ᠢᠨ ᠰᠤᠷᠪᠤᠯᠵᠢᠯᠠᠭ᠍ᠴᠢ ᠮᠧᠢ ᠭᠠᠩ ᠰᠤᠷᠪᠤᠯᠵᠢᠯᠠᠭ᠍ᠴᠢ ᠢᠳᠡᠷᠡᠬᠦᠨ ᠣᠩᠱᠢᠭ᠍ᠰᠠᠨ ᠣᠳᠠᠭ᠎ᠠ᠄ 3

12 ᠰᠠᠷ᠎ᠠ᠎ᠶ᠋ᠢᠨ 12᠎ᠤ᠋ᠨ ᠡᠳᠦᠷ᠂ ᠰᠤᠷᠪᠤᠯᠵᠢᠯᠠᠭ᠍ᠴᠢ ᠮᠠᠨᠵᠤᠤᠷ ᠬᠤᠲᠠ᠎ᠶ᠋ᠢᠨ ᠱᠢᠨ᠎ᠡ ᠲᠢᠲᠢᠮᠯᠢᠭ᠎ᠠᠭᠤᠰᠭᠢᠨ᠎ᠦᠷᠪᠢᠰᠦᠯ᠎ᠦᠨ᠎ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ ᠭᠠᠵᠠᠷ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ ᠡᠴᠡ ᠣᠢᠯᠠᠭᠠᠭ᠍ᠰᠠᠨ ᠎ᠢᠶᠠᠷ᠂ ᠬᠢᠵᠢᠭ᠎ᠦᠨ ᠪᠠᠢᠳᠠᠯ ᠭᠠᠷᠤᠭ᠍ᠰᠠᠨ᠎ᠤ ᠳᠠᠷᠠᠭ᠎ᠠ᠂ ᠮᠠᠨᠵᠤᠤᠷ ᠬᠤᠲᠠ ᠵᠢᠨ ᠬᠢᠨ ᠡᠩ ᠲᠡᠷᠢᠭᠦᠨ᠎ᠳᠦ ᠪᠦᠬᠦ᠌ ᠬᠤᠲᠠ᠎ᠶ᠋ᠢᠨ ᠨᠡᠢᠲᠡ᠎ᠶ᠋ᠢᠨ ᠮᠠᠱᠢᠨ ᠲᠡᠷᠭᠡ᠂ ᠬᠤᠯᠠ ᠵᠠᠮ᠎ᠤᠨ ᠲᠡᠭᠡᠭᠡᠪᠦᠷᠢ ᠶ᠋ᠢᠨ ᠮᠠᠰᠢᠨ᠂ ᠵᠢᠭᠤᠯᠴᠢᠯᠠᠯ᠎ᠤᠨ᠎ᠲᠤᠮᠤ᠎ᠮᠠᠱᠢᠨ ᠲᠡᠷᠭᠡ ᠵᠢᠴᠢ ᠲᠦᠷᠢᠶᠡᠰᠦᠨ ᠮᠠᠱᠢᠨ ᠲᠡᠷᠭᠡ ᠵᠢᠨ ᠡᠵᠡᠩᠨᠡᠯᠲᠡ ᠵᠢ ᠲᠦᠷ ᠵᠣᠭ᠍ᠰᠣᠭᠠᠵᠤ᠂ ᠬᠢᠵᠢᠭ᠎ᠦᠨ ᠪᠠᠢᠳᠠᠯ᠎ᠤᠨ ᠲᠠᠷᠬᠠᠨ ᠳᠡᠯᠭᠡᠷᠡᠬᠦ᠌᠎ᠶ᠋ᠢ ᠬᠠᠮᠤᠭ᠎ᠤᠨ ᠶᠡᠬᠡ ᠬᠡᠮᠵᠢᠶ᠎ᠡ᠎ᠪᠡᠷ ᠬᠤᠷᠢᠬᠯᠠᠪᠠ᠃ ᠡᠭᠦᠨ᠎ᠦ ᠬᠠᠮᠲᠤ᠂ ᠵᠠᠰᠠᠮᠠᠯ ᠵᠠᠮ᠎ᠤᠨ ᠵᠠᠮ ᠬᠠᠷᠢᠯᠴᠠᠭᠠᠨ᠎ᠤ ᠲᠤᠤᠷ᠂ ᠬᠥᠮᠥᠷᠭᠡᠯᠡᠨ᠎ᠬᠠᠳᠠᠭᠠᠯᠠᠬᠤ ᠪᠠᠷᠠᠭᠠᠨ᠎ᠤ ᠭᠦᠶ᠋ᠯᠭᠡᠭᠡ᠎ᠶ᠋ᠢᠨ ᠲᠡᠭᠡᠭᠡᠪᠦᠷᠢ᠂ ᠣᠯᠠᠨ ᠲᠦᠮᠡᠨ᠎ᠦ ᠦᠶ᠋ᠯᠡᠳᠪᠦᠷᠢᠯᠡᠯ ᠎ᠠᠮᠢᠳᠤᠷᠠᠯ ᠎ᠤᠨ ᠡᠳ᠋ ᠪᠠᠷᠠᠭ᠎ᠠ ᠵᠡᠷᠭᠡ ᠲᠡᠭᠡᠭᠡᠪᠦᠷᠢ᠎ᠶ᠋ᠢᠨ ᠰᠠᠭᠠᠳ ᠥᠬᠡᠶ᠎ᠨᠡᠪᠲᠡᠷᠡᠬᠦ᠌᠎ᠶ᠋ᠢ᠎ᠪᠥᠬᠥ᠌ ᠬᠦᠴᠦᠨ᠎ᠢᠶᠡᠷ᠎ᠢᠶᠡᠨ ᠪᠠᠲᠤᠯᠠᠵᠤ᠂ ᠪᠠᠴᠢᠮ ᠪᠠᠢᠳᠠᠯ᠎ᠢ ᠠᠷᠭᠠᠴᠠᠭᠠᠬᠤ᠎ᠳᠤ ᠲᠡᠷᠭᠡ ᠬᠥᠰᠭᠡ᠎ᠶ᠋ᠢᠨ ᠨᠡᠪᠲᠡᠷᠡᠬᠦ᠌ ᠦᠨᠡᠮᠯᠡᠯ᠎ᠢ 1000 ᠭᠠᠷᠤᠶ ᠭᠦᠶ᠋ᠴᠡᠳᠭᠡᠵᠦ᠍᠂ ᠢᠳᠡᠭᠡᠨ᠂ ᠡᠮ᠎ᠦᠨ ᠵᠦᠶ᠋ᠯ᠂ ᠠᠮᠢᠳᠤᠷᠠᠯ᠎ᠤᠨ ᠡᠳ᠋ ᠪᠠᠷᠠᠭ᠎ᠠ ᠵᠡᠷᠭᠡ᠎ᠶ᠋ᠢᠨ ᠬᠠᠩᠭᠠᠯᠭ᠎ᠠ᠎ᠶ᠋ᠢ ᠦᠨᠡᠨ ᠬᠦ᠌ ᠪᠠᠲᠤᠯᠠᠵᠦ ᠪᠤᠢ᠃

ᠮᠠᠨᠵᠤᠤᠷ ᠬᠤᠳᠠ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠᠴᠢᠮ ᠪᠠᠢᠳᠠᠯ᠎ᠢ ᠠᠷᠭᠠᠴᠠᠭᠠᠬᠤ ᠪᠠᠲᠤᠯᠠᠭ᠎ᠠ᠎ᠶ᠋ᠢᠨ ᠲᠡᠷᠭᠡᠨ ᠠᠩᠭᠢ ᠪᠠᠢᠭᠤᠯᠵᠤ᠂ 300 ᠭᠠᠷᠤᠶ ᠮᠠᠱᠢᠨ ᠲᠡᠷᠭᠡ ᠲᠤᠬᠢᠷᠠᠭᠤᠯᠤᠨ ᠲᠤᠰᠠᠭᠠᠷᠯᠠᠵᠤ ᠪᠠᠢᠭ᠎ᠠ ᠵᠤᠴᠢᠳ᠎ᠤᠨ ᠪᠠᠭᠤᠳᠠᠯ᠎ᠤᠨ ᠡᠯ᠎ᠡ ᠲᠥᠷᠥᠯ᠎ᠦᠨ ᠪᠠᠷᠠᠭ᠎ᠠ ᠵᠢ ᠲᠡᠭᠡᠭᠡᠪᠦᠷᠢᠯᠡᠨ ᠬᠦᠷᠭᠡᠬᠦ᠌᠂ ᠡᠮᠴᠢᠯᠡᠭᠡᠨ᠎ᠦ ᠲᠤᠰᠭᠠᠶ ᠮᠡᠷᠭᠡᠵᠢᠯᠲᠡᠨ᠂ ᠪᠥᠭᠡᠮ ᠬᠦᠴᠢᠯ ᠎ᠦᠨ ᠪᠠᠢᠴᠠᠭᠠᠯᠲᠠ᠎ᠶ᠋ᠢᠨ ᠡᠮᠴᠢ ᠰᠤᠪᠢᠯᠠᠭ᠍ᠴᠢ ᠵᠡᠷᠭᠡ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠮᠦᠨ᠎ᠡ ᠹᠷᠣᠨᠲ᠎ᠤᠨ ᠠᠵᠢᠯᠲᠠᠨ᠎ᠢ ᠲᠤᠰᠴᠤ᠌ ᠬᠦᠷᠭᠡᠬᠦ᠌ ᠠᠵᠢᠯ᠎ᠢ ᠬᠠᠷᠢᠭᠤᠴᠠᠭᠤᠯᠪᠠ᠃ ᠡᠭᠦᠨ᠎ᠦ ᠬᠠᠮᠲᠤ᠂ ᠲᠤᠰᠠᠭᠠᠷᠯᠠᠬᠤ ᠬᠥᠮᠦᠰ᠎ᠢ ᠱᠢᠯᠵᠢᠭᠦᠯᠦᠨ ᠵᠦᠬᠡᠬᠡᠪᠦᠷᠢᠯᠡᠬᠦ ᠪᠠᠲᠤᠯᠠᠭ᠎ᠠ᠎ᠶ᠋ᠢᠨ ᠠᠵᠢᠯ᠎ᠢ ᠬᠦᠴᠦ᠍᠎ᠪᠡᠨ ᠬᠠᠮᠲᠤᠳᠭᠠᠨ ᠰᠠᠢᠲᠤᠷ ᠬᠢᠬᠦ᠌᠎ᠶ᠋ᠢᠨ ᠲᠥᠯᠥᠭᠡ᠂ 12 ᠰᠠᠷ᠎ᠠ᠎ᠶ᠋ᠢᠨ 2᠎ᠡᠴᠡ 12 ᠰᠠᠷ᠎ᠠ᠎ᠶ᠋ᠢᠨ 7᠎ᠤ᠋ ᠡᠳᠦᠷ ᠪᠣᠯᠲᠠᠯ᠎ᠠ᠂ ᠱᠢᠯᠵᠢᠭᠦᠯᠦᠨ ᠵᠦᠭᠡᠭᠡᠪᠦᠷᠢᠯᠡᠬᠦ ᠳᠡᠷᠬᠡ ᠬᠦᠰᠬᠡ ᠵᠢ 264 ᠲᠡᠷᠭᠡ ᠤᠳᠠᠭ᠎ᠠ ᠬᠦᠳᠡᠯᠬᠡᠵᠥ᠂ 7956 ᠬᠥᠮᠦᠨ᠎ᠢ ᠱᠢᠯᠵᠢᠭᠦᠯᠦᠨ ᠵᠦᠭᠡᠭᠡᠪᠦᠷᠢᠯᠡᠵᠦ᠂ ᠣᠨᠣᠱᠢᠯᠠᠭ᠍ᠳᠠᠭ᠍ᠰᠠᠨ ᠡᠪᠡᠳᠴᠢᠲᠡᠨ᠎ᠢ ᠰᠢᠯᠵᠢᠬᠦᠯᠦᠨ ᠵᠦᠬᠡᠬᠡᠪᠦᠷᠢᠯᠡᠬᠦ ᠲᠡᠷᠭᠡ ᠵᠢ 20 ᠳᠡᠷᠬᠡ ᠤᠳᠠᠭ᠎ᠠ ᠬᠥᠳᠡᠯᠬᠡᠵᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面